ᠠᠵᠤ ᠠᠬᠤᠢᠢᠯᠠᠯ ᠤᠨ ᠬᠦᠭᠵᠢᠯᠲᠡ ᠠᠴᠠ ᠠᠷᠠᠳ ᠤᠯᠠᠨ ᠠᠰᠢᠬ ᠬᠦᠷᠲᠡᠨ᠎ᠡ

  ᠠᠵᠤ ᠦᠢᠯᠡᠰ ᠢ ᠬᠦᠭᠵᠢᠬᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠦᠨᠳᠤᠰᠤᠨ ᠪᠤᠳᠤᠯᠭ᠎ᠠ ᠮᠦᠨ᠃ ᠬᠡᠷᠬᠢᠨ ᠤᠷᠤᠨ ᠨᠤᠳᠤᠭ ᠤᠨ ᠪᠤᠳᠠᠳᠤ ᠪᠠᠶᠢᠳᠠᠯ ᠢᠶᠠᠨ ᠦᠨᠳᠤᠰᠤᠯᠡᠨ ᠠᠵᠤ ᠦᠢᠯᠡᠰ ᠢ ᠪᠤᠶᠢᠵᠢᠭᠤᠯᠬᠤ ᠪᠤᠢ︖ ᠠᠵᠤ ᠠᠬᠤᠢᠢᠯᠠᠯ ᠬᠢᠬᠡᠳ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ᠎ ᠤ ᠠᠰᠢᠭ ᠲᠤᠰᠠ ᠶᠢᠨ ᠬᠤᠯᠪᠤᠭᠠᠨ᠎ ᠤ ᠴᠤᠭᠴᠠ ᠶᠢ ᠬᠡᠷᠬᠢᠨ ᠴᠤᠭᠴᠠᠯᠠᠵᠤ ᠪᠤᠢ︖ ᠡᠶᠢᠨᠬᠦ ᠠᠰᠠᠭᠤᠯᠳᠠ ᠶᠢ ᠡᠪᠤᠷᠯᠡᠨ ᠰᠤᠷᠪᠤᠯᠵᠢᠯᠠᠭᠴᠢ 6 ᠰᠠᠷ᠎ᠠ ᠶᠢᠨ 13᠎ ᠤ ᠡᠳᠦᠷ ᠬᠠᠷᠠᠴᠢᠨ ᠬᠤᠰᠢᠭᠤᠨ᠎ ᠤ ᠪᠠᠭ᠎ᠠ ᠨᠡᠬᠦᠴᠡ ᠪᠠᠯᠭᠠᠰᠤ ᠶᠢᠨ ᠪᠠᠶᠢᠰᠢᠩᠳᠠᠢ ᠭᠤᠤ ᠲᠤᠰᠬᠤᠨ᠎ ᠤ ᠦᠪᠦᠷ ᠮᠤᠩᠭᠤᠯ ᠤᠨ ᠯᠢᠶᠠᠨ ᠱᠧᠩ ᠵᠢᠭᠦᠷᠲᠡᠨ᠎ ᠤ ᠲᠡᠵᠢᠭᠡᠪᠦᠷᠢ ᠶᠢᠨ ᠬᠢᠵᠠᠭᠠᠷᠲᠤ ᠺᠤᠮᠫᠠᠨᠢ ᠳᠤ ᠰᠤᠷᠪᠤᠯᠵᠢᠯᠠᠭ᠎ᠠ ᠠᠪᠬᠤ ᠪᠠᠷ ᠬᠦᠷᠦᠭᠰᠡᠨ ᠪᠢᠯᠡ᠃

  ᠬᠤᠷ᠎ᠠ ᠶᠢᠨ ᠳᠠᠷᠠᠭᠠᠬᠢ ᠬᠠᠷᠠᠴᠢᠨ ᠬᠤᠰᠢᠭᠤᠨ ᠳᠤ ᠬᠠᠮᠤᠭ ᠪᠤᠳᠠᠰ ᠠᠮᠢᠯᠠᠯ ᠡᠰᠠᠨᠢᠯ ᠢᠶᠠᠷ ᠪᠢᠯᠬᠠᠵᠤ᠂ ᠬᠦᠷᠦᠭᠰᠡᠨ ᠪᠦᠬᠦᠨ᠎ ᠤ ᠬᠠᠷᠠᠭ᠎ᠠ ᠶᠢ ᠪᠤᠯᠢᠶᠠᠮ᠎ᠠ ᠦᠵᠡᠰᠭᠦᠯᠡᠩ ᠰᠠᠨᠵᠠᠢ᠃ ᠺᠤᠮᠫᠠᠨᠢ ᠶᠢᠨ ᠬᠦᠷᠢᠶᠡᠨ ᠳᠤ ᠤᠷᠤᠬᠤ ᠳᠤ ᠠᠵᠢᠯᠴᠢᠳ ᠬᠤᠶᠠᠷ ᠬᠤᠶᠠᠷ ᠢᠶᠠᠷ ᠢᠶᠠᠨ ᠬᠠᠶᠢᠷᠴᠠᠭ ᠲᠠᠢ ᠨᠤᠭᠤᠰᠤᠨ ᠦᠨᠳᠡᠭᠡ ᠶᠢ ᠳᠠᠮᠨᠠᠨ ᠲᠤᠮᠤ ᠠᠴᠢᠶᠠᠨ᠎ ᠤ ᠮᠡᠰᠢᠨ ᠳᠤ ᠲᠡᠭᠡᠭᠡᠵᠤ ᠶᠠᠭᠠᠷᠠᠯᠳᠤᠨ᠎ᠠ᠃

  ᠠᠵᠤ ᠠᠬᠤᠢᠢᠯᠠᠯ ᠤᠨ ᠠᠴᠢ ᠪᠠᠷ ᠪᠢ ᠶᠠᠳᠠᠭᠤ ᠠᠴᠠ ᠠᠩᠭᠢᠵᠢᠷᠠᠯ᠎ᠠ᠂ ᠡᠶᠢᠮᠦᠷᠬᠦ ᠪᠠᠶᠠᠨ ᠴᠢᠨᠡᠭᠡᠯᠢᠭ ᠠᠮᠢᠳᠤᠷᠠᠯ ᠢ ᠡᠳ᠋ᠯᠡᠵᠤ ᠲᠠᠶᠢᠯᠤᠨ᠎ᠠ ᠬᠡᠭᠴᠢ ᠵᠡᠬᠦᠳᠤᠨ ᠳᠤ ᠤᠷᠤᠮ᠎ᠠ ᠦᠬᠡᠢ ᠶᠠᠪᠤᠳᠠᠯ ᠶᠤᠮ ᠭᠡᠵᠦ ᠺᠤᠮᠫᠠᠨᠢ ᠶᠢᠨ ᠠᠵᠢᠯᠴᠢᠨ ᠸᠠᠩ ᠰᠢᠩ ᠬᠠᠶᠢᠷᠴᠠᠭ ᠲᠠᠢ ᠦᠨᠳᠡᠭᠡ ᠶᠢ ᠲᠡᠷᠭᠡᠨ ᠳᠤ ᠲᠡᠭᠡᠭᠡᠬᠦ ᠶᠢᠨ ᠵᠠᠪᠰᠠᠷ ᠢᠶᠠᠷ ᠰᠤᠷᠪᠤᠯᠵᠢᠯᠠᠭᠴᠢ ᠳᠤ ᠪᠠᠶᠠᠷᠲᠠᠢ ᠶᠠᠷᠢᠨ᠎ᠠ᠃ ᠡᠨᠡ ᠵᠢᠯ 62 ᠨᠠᠰᠤᠲᠠᠢ ᠸᠠᠩ ᠰᠢᠩ ᠪᠤᠯ ᠪᠠᠶᠢᠰᠢᠩᠳᠠᠢ ᠭᠤᠤ ᠲᠤᠰᠬᠤᠨ᠎ ᠤ ᠲᠠᠷᠢᠶᠠᠴᠢᠨ ᠶᠤᠮ᠂ ᠲᠡᠳᠡᠨᠡᠶᠢᠬᠢᠨ ᠡᠪᠡᠳᠴᠢᠨ ᠲᠠᠬᠤᠯ ᠠᠴᠠ ᠪᠤᠯᠵᠤ ᠦᠷᠢ ᠦᠭᠴᠡᠭᠡ ᠳᠤ ᠤᠨᠠᠵᠤ᠂ 2016 ᠤᠨ ᠳᠤ ᠶᠠᠳᠠᠭᠤ ᠬᠦᠴᠢᠷᠳᠡᠯᠲᠡᠢ ᠡᠷᠦᠭᠡ ᠪᠠᠷ ᠲᠤᠭᠲᠠᠭᠠᠭᠳᠠᠵᠠᠢ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠸᠠᠩ ᠰᠢᠩ ᠬᠦᠭᠰᠢᠨ ᠲᠠᠢ ᠪᠠᠨ ᠬᠤᠶᠠᠭᠤᠯᠠ ᠯᠢᠶᠠᠨ ᠱᠧᠩ ᠺᠤᠮᠫᠠᠨᠢ ᠳᠤ ᠢᠷᠡᠵᠦ ᠠᠵᠢᠯᠯᠠᠨ᠂ ᠨᠢᠳᠦᠨᠦᠨ᠎ ᠤ ᠵᠢᠯ ᠤᠨ ᠰᠡᠭᠦᠯᠴᠢ ᠪᠠᠷ ᠪᠦᠷᠢᠮᠦᠰᠦᠨ ᠶᠠᠳᠠᠭᠤ ᠠᠴᠠ ᠪᠠᠨ ᠠᠩᠭᠢᠵᠢᠷᠠᠪᠠ᠃ ᠪᠢ ᠬᠦᠭᠰᠢᠨ ᠲᠠᠢ ᠪᠠᠨ ᠬᠤᠶᠠᠭᠤᠯᠠ ᠠᠵᠢᠯᠯᠠᠬᠤ ᠭᠠᠵᠠᠷ ᠲᠠᠢ ᠪᠤᠯᠵᠤ᠂ ᠲᠤᠭᠲᠠᠭᠰᠠᠨ ᠴᠠᠯᠢᠩ ᠬᠦᠯᠦᠰᠦ ᠤᠯᠵᠤ᠂ ᠡᠨᠡ ᠬᠠᠪᠤᠷ 10 ᠲᠦᠮᠡᠨ ᠲᠦᠭᠦᠷᠢᠭ ᠤᠨ ᠦᠷᠢ ᠪᠠᠨ ᠪᠦᠬᠦᠨ ᠢ ᠲᠦᠯᠦᠴᠢᠬᠡᠭᠰᠡᠨ᠃ ᠴᠠᠯᠢᠩ ᠴᠤ ᠵᠢᠯ ᠠᠴᠠ ᠵᠢᠯ ᠨᠡᠮᠡᠭᠳᠡᠵᠤ᠂ ᠤᠳᠤ ᠰᠠᠷ᠎ᠠ ᠪᠤᠯᠭᠠᠨ ᠬᠦᠮᠦᠨ ᠪᠦᠷᠢ 2800 ᠲᠦᠭᠦᠷᠢᠭ ᠤᠯᠵᠤ ᠪᠤᠢ ᠭᠡᠵᠦ ᠸᠠᠩ ᠰᠢᠩ ᠳᠤᠭᠳᠤᠯᠤᠭᠰᠠᠨ ᠰᠡᠳᠭᠢᠯ ᠢᠶᠠᠨ ᠳᠠᠷᠤᠵᠤ ᠶᠠᠳᠠᠨ ᠶᠠᠷᠢᠬᠤ ᠳᠤ ᠬᠤᠭᠤᠯᠠᠢ ᠨᠢ ᠰᠦᠬᠡᠩᠬᠢᠷᠳᠤᠵᠤ ᠭᠠᠷᠤᠯ᠎ᠠ᠃

  ᠯᠢᠶᠠᠨ ᠱᠧᠩ ᠺᠤᠮᠫᠠᠨᠢ ᠶᠢᠨ ᠶᠡᠷᠦᠩᠬᠡᠢ ᠳᠠᠭᠠᠭᠠᠮᠠᠯ ᠭᠤᠤ ᠭᠤᠸᠠᠩ ᠲᠤᠤ ᠶᠢᠨ ᠲᠠᠨᠢᠯᠴᠠᠭᠤᠯᠬᠤ ᠪᠠᠷ᠂ ᠲᠤᠬᠠᠢ ᠶᠢᠨ ᠦᠶ᠎ᠡ ᠳᠤ ᠺᠤᠮᠫᠠᠨᠢ ᠪᠠᠨ ᠪᠠᠶᠢᠭᠤᠯᠬᠤ ᠳᠤ ᠬᠠᠷᠠᠴᠢᠨ ᠬᠤᠰᠢᠭᠤ ᠶᠢ ᠰᠤᠩᠭᠤᠭᠰᠠᠨ ᠰᠢᠯᠲᠠᠭᠠᠨ ᠨᠢ ᠬᠤᠰᠢᠭᠤ ᠪᠠᠯᠭᠠᠰᠤ ᠬᠤᠶᠠᠷ ᠱᠠᠲᠤᠨ᠎ ᠤ ᠵᠠᠰᠠᠭ ᠤᠨ ᠤᠷᠳᠤᠨ᠎ ᠤ ᠬᠠᠯᠠᠭᠤᠨ ᠳᠡᠮᠵᠢᠯᠭᠡ ᠶᠢ ᠤᠯᠤᠭᠰᠠᠨ ᠠᠴᠠ ᠭᠠᠳᠠᠨ᠎ᠠ ᠪᠠᠰᠠ ᠠᠳᠡᠬᠢ ᠭᠤᠶᠤ ᠦᠵᠡᠮᠵᠢ᠂ ᠪᠤᠷᠤᠭᠵᠢᠭᠤᠨ ᠰᠠᠶᠢᠬᠠᠨ ᠠᠷᠠᠳ ᠤᠨ ᠵᠠᠩ ᠰᠤᠷᠲᠠᠯ ᠳᠤᠨᠢ ᠲᠠᠲᠠᠭᠳᠠᠭᠰᠠᠨ ᠭᠡᠨ᠎ᠡ᠃ ᠲᠡᠳᠡᠨᠦᠰ ᠠᠵᠤ ᠠᠬᠤᠢᠢᠯᠠᠯ ᠢᠶᠠᠨ ᠬᠦᠭᠵᠢᠭᠦᠯᠬᠦ ᠶᠢᠨ ᠳᠠᠭᠠᠤ ᠶᠠᠳᠠᠭᠤ ᠬᠦᠴᠢᠷᠳᠡᠯᠲᠡᠢ ᠡᠷᠦᠭᠡ ᠶᠢ ᠢᠳᠡᠪᠬᠢᠲᠡᠢ ᠳᠠᠶᠢᠴᠢᠯᠠᠨ ᠶᠠᠳᠠᠭᠤ ᠠᠴᠠ ᠨᠢ ᠠᠩᠭᠢᠵᠢᠷᠠᠭᠤᠯᠵᠤ ᠪᠤᠢ᠃ ᠲᠤᠰ ᠺᠤᠮᠫᠠᠨᠢ 2015 ᠤᠨ᠎ ᠤ 5 ᠰᠠᠷ᠎ᠠ ᠳᠤ ᠪᠠᠶᠢᠭᠤᠯᠤᠭᠳᠠᠵᠤ᠂ 1.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠤᠳᠤ 135 ᠠᠵᠢᠯᠴᠢᠨ ᠲᠠᠢ᠂ ᠵᠢᠯ ᠤᠨ ᠪᠤᠷᠤᠯᠠᠭᠤᠯᠭ᠎ᠠ ᠶᠢᠨ ᠤᠷᠤᠯᠭ᠎ᠠ ᠨᠢ 1 ᠳ᠋ᠦᠩᠰᠢᠭᠤᠷ ᠲᠦᠭᠦᠷᠢᠭ ᠲᠤ ᠬᠦᠷᠴᠦ ᠪᠤᠢ᠃ ᠲᠤᠰ ᠺᠤᠮᠫᠠᠨᠢ ᠠᠵᠤ ᠦᠢᠯᠡᠰ ᠢ ᠬᠦᠭᠵᠢᠬᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠶᠢ ᠬᠠᠷᠢᠯᠴᠠᠨ ᠤᠶᠠᠯᠳᠤᠭᠤᠯᠵᠤ᠂ ᠺᠤᠮᠫᠠᠨᠢ + ᠲᠤᠰᠬᠠᠢ ᠬᠤᠷᠰᠢᠶ᠎ᠠ + ᠨᠠᠮ ᠤᠨ ᠭᠡᠰᠢᠭᠦᠨ + ᠶᠠᠳᠠᠭᠤ ᠬᠦᠴᠢᠷᠳᠡᠯᠲᠡᠢ ᠡᠷᠦᠭᠡ ᠶᠢᠨ ᠵᠠᠭᠪᠤᠷ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠬᠦᠴᠦᠯᠡᠨ ᠠᠬᠢᠭᠤᠯᠵᠤ ᠪᠤᠢ᠃

  ᠤᠢᠢᠯᠠᠭᠠᠭᠰᠠᠨ ᠢᠶᠠᠷ᠂ ᠯᠢᠶᠠᠨ ᠱᠧᠩ ᠺᠤᠮᠫᠠᠨᠢ ᠡᠨᠡ ᠵᠢᠯ ᠨᠤᠭᠤᠰᠤ ᠲᠡᠵᠢᠭᠡᠬᠦ 20 ᠪᠠᠭ᠎ᠠ ᠲᠤᠭᠤᠷᠢᠭ ᠢ ᠪᠠᠶᠢᠭᠤᠯᠵᠤ᠂ 400 ᠲᠡᠵᠢᠭᠡᠪᠦᠷᠢ ᠶᠢᠨ ᠡᠷᠦᠭᠡ ᠶᠢ ᠳᠠᠶᠢᠴᠢᠯᠠᠬᠤ ᠪᠠᠷ ᠲᠦᠯᠦᠪᠯᠡᠵᠤ ᠪᠤᠢ᠃ ᠲᠤᠬᠠᠢ ᠶᠢᠨ ᠦᠶ᠎ᠠ ᠳᠤ᠂ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠡᠷᠦᠭᠡ ᠶᠢᠨ ᠬᠢᠨᠢ ᠪᠡᠯᠡ ᠮᠦᠩᠭᠦ ᠪᠠᠷ ᠬᠤᠪᠢ ᠤᠷᠤᠭᠤᠯᠤᠨ ᠵᠢᠯ ᠤᠨ ᠰᠡᠭᠦᠯᠴᠢ ᠪᠠᠷ ᠠᠰᠢᠭ ᠤᠯᠵᠠᠪᠤᠷᠢ ᠬᠤᠪᠢᠶᠠᠵᠤ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠡᠷᠦᠭᠡ ᠶᠢᠨ ᠬᠢᠨᠢ ᠠᠵᠤ ᠠᠬᠤᠢᠢᠯᠠᠯ ᠲᠠᠢ ᠬᠠᠮᠲᠤᠷᠠᠯᠴᠠᠨ ᠭᠡᠷ᠎ᠡ ᠲᠤᠭᠲᠠᠵᠤ ᠨᠤᠭᠤᠰᠤ ᠲᠡᠵᠢᠭᠡᠵᠦ ᠪᠤᠯᠤᠨ᠎ᠠ᠃ ᠡᠭᠦᠨ ᠠᠴᠠ ᠭᠠᠳᠠᠨ᠎ᠠ ᠪᠠᠰᠠ ᠨᠤᠭᠤᠰᠤ ᠨᠢᠲᠤᠯᠬᠤ ᠦᠢᠯᠡᠳᠪᠦᠷᠢ᠂ ᠨᠤᠭᠤᠰᠤ ᠨᠡᠪᠴᠢᠭᠦᠯᠬᠦ ᠦᠢᠯᠡᠳᠪᠦᠷᠢ᠂ ᠪᠤᠷᠳᠤᠭᠤᠷ ᠪᠤᠯᠪᠠᠰᠤᠷᠠᠭᠤᠯᠬᠤ ᠦᠢᠯᠡᠳᠪᠦᠷᠢ ᠵᠡᠷᠭᠡ ᠶᠢ ᠪᠠᠶᠢᠭᠤᠯᠬᠤ ᠪᠠᠷ ᠲᠦᠯᠦᠪᠯᠡᠵᠦ᠂ ᠲᠤᠬᠠᠢ ᠶᠢᠨ ᠦᠶ᠎ᠡ ᠳᠤ ᠪᠠᠰᠠ 1850 ᠭᠠᠷᠤᠢ ᠠᠵᠢᠯ ᠤᠨ ᠪᠠᠶᠢᠷᠢ ᠬᠠᠩᠭᠠᠵᠤ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠳᠤ ᠤᠷᠢᠳᠴᠢᠯᠠᠨ ᠠᠵᠤ ᠠᠬᠤᠢᠢᠯᠠᠯ ᠳᠤ ᠤᠷᠤᠵᠤ ᠠᠵᠢᠯᠯᠠᠬᠤ ᠡᠷᠬᠡ ᠤᠯᠭᠤᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠠᠵᠢᠯ ᠤᠯᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠤᠯᠤᠨ᠎ᠠ᠃ ᠤᠳᠤᠬᠠᠨ ᠪᠤᠯᠲᠠᠯ᠎ᠠ᠂ ᠲᠤᠰ ᠺᠤᠮᠫᠠᠨᠢ ᠨᠡᠶᠢᠲᠡ ᠳᠠᠩᠰᠠᠯᠠᠵᠤ ᠺᠠᠷᠲᠯᠠᠭᠰᠠᠨ 36 ᠶᠠᠳᠠᠭᠤ ᠬᠦᠴᠢᠷᠳᠡᠯᠲᠡᠢ ᠬᠦᠮᠦᠨ ᠠᠮᠠ ᠳᠤ ᠠᠵᠢᠯ ᠤᠯᠭᠤᠵᠤ᠂ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠨ ᠵᠢᠷᠭᠠᠯᠲᠤ ᠠᠮᠢᠳᠤᠷᠠᠯ ᠢᠶᠠᠨ ᠴᠤᠭᠴᠠᠯᠠᠵᠤ ᠪᠤᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com