ᠬᠤᠸᠠᠳᠧ ᠰᠢᠶᠠᠨ ᠪᠡᠬᠡᠵᠢᠩ ᠦᠪᠤᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠲᠠᠮᠵᠢᠯᠬᠡ ᠳᠣᠣᠷ᠎ᠠ ᠠᠵᠢᠯ ᠲᠦᠷᠦᠯ ᠢᠶᠠᠷ ᠶᠠᠳᠠᠭᠤ ᠶᠢ ᠳᠡᠳᠭᠦᠵᠥ ᠪᠠᠶᠢᠨ᠎ᠠ

  2017 ᠤᠨ ᠳᠤ ᠪᠡᠬᠡᠵᠢᠩ ᠦᠪᠤᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠲᠠᠮᠵᠢᠯᠬᠡ ᠪᠠᠷ ᠬᠤᠸᠠᠳᠧ ᠰᠢᠶᠠᠨ ᠬᠤᠪᠴᠠᠰᠤᠨ᠎ ᠤ ᠠᠵᠤ ᠦᠢᠯᠡᠳᠪᠤᠷᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠳᠠᠢ ᠲᠤᠰᠬᠤᠨ ᠳᠤ ᠬᠤᠪᠴᠠᠰᠤ ᠬᠤᠨᠠᠷ ᠡᠰᠬᠡᠵᠤ ᠤᠶᠤᠬᠤ ᠦᠢᠯᠡᠳᠪᠤᠷᠢᠯᠡᠯ ᠤᠨ ᠲᠠᠰᠤᠭ ᠪᠠᠶᠢᠭᠤᠯᠬᠤ ᠶᠢᠨ ᠬᠠᠮᠳᠤ ᠲᠤᠰᠬᠤᠨ᠎ ᠤ ᠠᠷᠠᠳ ᠲᠤ ᠮᠡᠷᠬᠡᠵᠢᠯ ᠤᠨ ᠪᠤᠯᠪᠠᠰᠤᠷᠠᠯ ᠬᠦᠷᠳᠡᠬᠡᠨ ᠠᠵᠢᠯ ᠤᠯᠭᠤᠵᠤ᠂ ᠶᠠᠳᠠᠭᠤ ᠬᠦᠴᠢᠷᠳᠡᠯᠳᠡᠢ ᠡᠷᠦᠬᠡ ᠶᠢᠨ ᠲᠤᠳᠤᠭᠠᠳᠤ ᠬᠦᠳᠡᠯᠬᠡᠬᠦ ᠬᠦᠴᠦᠨ ᠢ ᠬᠦᠭᠵᠢᠬᠡᠭᠰᠡᠨ ᠪᠠᠶᠢᠨ᠎ᠠ᠃ ᠤᠳᠤᠬᠠᠨ ᠪᠤᠯᠳᠠᠯ᠎ᠠ᠂ ᠪᠡᠬᠡᠵᠢᠩ ᠬᠤᠳᠠ ᠶᠢᠨ ᠳ᠋ᠦᠩ ᠴᠧᠩ ᠲᠤᠭᠤᠷᠢᠭ ᠤᠨ ᠲᠤᠰᠬᠠᠢ ᠲᠦᠷᠦᠯ ᠵᠦᠢᠯ ᠤᠨ ᠪᠡᠯᠡ ᠮᠦᠩᠬᠦ ᠶᠢᠨ ᠲᠡᠮᠵᠢᠯᠬᠡ ᠪᠠᠷ ᠲᠤᠰ ᠰᠢᠶᠠᠨ᠎ ᠤ ᠶᠠᠳᠠᠭᠤ ᠬᠦᠴᠢᠷᠳᠡᠯᠳᠡᠢ 40 ᠭᠠᠷᠤᠢ ᠲᠤᠰᠬᠤᠨ ᠳᠤ ᠪᠠᠶᠢᠭᠤᠯᠤᠭᠰᠠᠨ ᠬᠤᠪᠴᠠᠰᠤ ᠬᠤᠨᠠᠷ ᠡᠰᠬᠡᠵᠤ ᠤᠶᠤᠬᠤ ᠦᠢᠯᠡᠳᠪᠤᠷᠢᠯᠡᠯ ᠤᠨ ᠲᠠᠰᠤᠭ ᠨᠢᠬᠡᠨᠳᠡ ᠠᠰᠢᠬᠯᠠᠯᠳᠠ ᠳᠤ ᠤᠷᠤᠵᠤ᠂ ᠶᠠᠳᠠᠭᠤ ᠬᠦᠴᠢᠷᠳᠡᠯᠳᠡᠢ 1000 ᠰᠢᠬᠠᠮ ᠲᠠᠷᠢᠶᠠᠴᠢᠨ ᠳᠤ ᠠᠵᠢᠯ ᠤᠯᠭᠤᠪᠠ᠃ ᠵᠢᠷᠤᠭ ᠪᠤᠯ ᠮᠧᠩ ᠲᠦᠸᠧ ᠸᠠᠩ ᠬᠤᠪᠴᠠᠰᠤᠨ᠎ ᠤ ᠬᠢᠵᠠᠭᠠᠷᠳᠤ ᠺᠤᠮᠫᠠᠨᠢ ᠶᠢᠨ ᠳ᠋ᠧ ᠱᠠᠨ ᠰᠢᠶᠠᠩ ᠤᠨ ᠳ᠋ᠧ ᠱᠠᠨ ᠲᠤᠰᠬᠤᠨ ᠳᠠᠬᠢ ᠦᠢᠯᠡᠳᠪᠤᠷᠢᠯᠡᠯ ᠤᠨ ᠲᠠᠰᠤᠭ ᠲᠤ ᠬᠠᠰᠢᠷ ᠤᠶᠤᠳᠠᠯᠴᠢᠨ ᠰᠢᠶᠧ ᠵᠧᠨ ᠯᠢ (ᠵᠡᠬᠦᠨᠳᠡᠬᠢ) ᠰᠢᠨ᠎ᠠ ᠪᠠᠷ ᠡᠯᠰᠡᠭᠰᠡᠨ ᠠᠵᠢᠯᠴᠢᠨ ᠳᠤ ᠤᠶᠤᠳᠠᠯ ᠤᠨ ᠮᠠᠰᠢᠨ᠎ ᠤ ᠪᠠᠶᠢᠳᠠᠯ ᠢ ᠲᠠᠨᠢᠯᠴᠠᠭᠤᠯᠤᠨ ᠦᠭᠴᠦ ᠪᠠᠶᠢᠭ᠎ᠠ ᠨᠢ᠃

  ᠰᠢᠨᠬᠤᠸᠠ ᠬᠤᠷᠢᠶᠠᠨ᠎ ᠤ ᠰᠤᠷᠪᠤᠯᠵᠢᠯᠠᠭᠴᠢ ᠯᠢᠤ ᠯᠸᠢ ᠰᠡᠬᠦᠳᠡᠷᠯᠡᠪᠡ

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com