ᠬᠦᠭᠵᠢᠯ ᠤᠨ ᠣᠴᠢ ᠪᠠᠳᠠᠷᠠᠭᠰᠠᠨ ᠬᠦᠬᠡᠲᠠᠯ᠎ᠠ ᠳᠣᠰᠬᠤᠨ

  ᠵᠤᠨ᠎ ᠤ ᠵᠢᠷᠭᠤᠭᠠᠨ ᠰᠠᠷ᠎ᠠ ᠶᠢᠨ ᠡᠬᠢ ᠪᠠᠷ ᠪᠢᠳᠡ ᠲᠦᠷᠪᠡᠳ ᠬᠤᠰᠢᠭᠤᠨ᠎ ᠤ ᠲᠦᠪ ᠤᠯᠠᠭᠠᠨᠬᠤᠸᠠ ᠠᠴᠠ ᠵᠡᠬᠦᠨ ᠡᠮᠦᠨᠡᠰᠢ 30 ᠭᠠᠷᠤᠢ ᠭᠠᠵᠠᠷ ᠠᠶᠡᠯᠠᠭᠰᠠᠨ ᠢᠶᠠᠨ ᠬᠤᠵᠢᠷᠳᠤ ᠰᠢᠶᠠᠩ ᠤᠨ ᠬᠦᠬᠡᠳᠡᠯ᠎ᠠ ᠲᠤᠰᠬᠤᠨ ᠳᠤ ᠬᠦᠷᠤᠯ᠎ᠠ᠃ ᠲᠠᠷᠢᠶᠠᠨ ᠠᠵᠢᠯ ᠤᠨ ᠰᠡᠯᠡᠬᠦᠤ ᠴᠠᠭ ᠪᠠᠶᠢᠭᠰᠠᠨ ᠪᠤᠯᠬᠤᠷ ᠲᠤᠰᠬᠤᠨ᠎ ᠤ ᠠᠷᠠᠳ ᠭᠤᠷᠪᠠ ᠲᠠᠪᠤ ᠪᠠᠷ ᠴᠤᠭᠯᠠᠷᠠᠨ ᠪᠠᠶᠠᠷ ᠬᠦᠷ ᠲᠠᠢ ᠵᠤᠭᠤᠭᠳᠠᠵᠤ ᠰᠠᠭᠤᠨ᠎ᠠ᠂ ᠲᠡᠬᠦᠨ᠎ ᠤ ᠲᠤᠳᠤᠷᠠᠬᠢ ᠨᠢᠬᠡ ᠨᠢ ᠪᠤᠯ ᠫᠠᠨ ᠰᠠᠨ ᠵᠢᠶᠤᠤ ᠴᠢ ᠪᠤᠯᠬᠤ ᠶᠢ ᠪᠢᠳᠡ ᠶᠠᠷᠢᠯᠴᠠᠵᠤ ᠲᠠᠨᠢᠯᠴᠠᠭᠰᠠᠨ᠎ ᠤ ᠬᠤᠶᠢᠨ᠎ᠠ ᠮᠡᠳᠡᠭᠰᠡᠨ ᠪᠢᠯᠡ᠃

  ᠡᠨᠡ ᠵᠢᠯ 55 ᠨᠠᠰᠤᠲᠠᠢ ᠫᠠᠨ ᠰᠠᠨ ᠵᠢᠶᠤᠤ ᠴᠢ ᠦᠩᠬᠡᠷᠡᠭᠰᠡᠨ ᠳᠤ 30 ᠭᠠᠷᠤᠢ ᠮᠦ ᠲᠠᠷᠢᠶ᠎ᠠ ᠪᠤᠯᠤᠨ ᠬᠡᠳᠤᠨ ᠬᠤᠨᠢ ᠪᠠᠨ ᠲᠦᠰᠢᠵᠤ ᠵᠢᠯ ᠳᠡᠭᠡᠨ ᠲᠠᠮᠠᠢ ᠤᠷᠤᠯᠭ᠎ᠠ ᠦᠭᠡᠢ ᠶᠠᠳᠠᠭᠤ ᠵᠦᠳᠡᠭᠦᠤ ᠠᠮᠢᠳᠤᠷᠠᠵᠤ ᠪᠠᠶᠢᠵᠠᠢ᠃ 2016 ᠤᠨ ᠳᠤ ᠲᠤᠰᠬᠤᠨ ᠠᠴᠠ ᠨᠢ ᠲᠠᠭᠦᠨ ᠢ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠡᠷᠤᠬᠡ ᠪᠠᠷ ᠲᠤᠳᠤᠯᠠᠵᠤ᠂ ᠬᠠᠮᠢᠶ᠎ᠡ ᠪᠦᠬᠦᠢ ᠬᠠᠷᠠᠭᠠᠯᠵᠠᠯ ᠢ ᠤᠯᠭᠤᠭᠰᠠᠨ ᠠᠵᠢ᠃ ᠫᠠᠨ ᠰᠠᠨ ᠵᠢᠶᠤᠤ ᠴᠢ ᠬᠤᠪᠢ ᠪᠠᠷ ᠢᠶᠠᠨ ᠲᠦᠮᠨ ᠰᠢᠬᠠᠮ ᠲᠦᠭᠦᠷᠢᠭ ᠭᠠᠷᠭᠠᠵᠤ᠂ ᠵᠠᠰᠠᠭ ᠤᠨ ᠤᠷᠳᠤᠨ ᠤ ᠪᠠᠨ 6 ᠲᠦᠮᠡᠨ ᠲᠦᠭᠦᠷᠢᠭ ᠤᠨ ᠲᠠᠮᠵᠢᠯᠭᠡ ᠪᠠᠷ ᠸᠠᠭᠠᠷ ᠲᠤᠭᠤᠰᠬᠠᠨ ᠪᠠᠶᠢᠰᠢᠩ ᠪᠠᠷᠢᠵᠤ ᠠᠪᠤᠯ᠎ᠠ᠃ ᠡᠶᠢᠮᠤ ᠰᠠᠶᠢᠨ ᠲᠦᠷᠤ ᠶᠢᠨ ᠪᠤᠳᠤᠯᠭ᠎ᠠ ᠦᠭᠡᠢ ᠪᠤᠯ ᠸᠠᠭᠠᠷ ᠲᠤᠭᠤᠰᠬᠠᠨ ᠪᠠᠶᠢᠰᠢᠩ ᠳᠤ ᠰᠠᠭᠤᠨ᠎ᠠ ᠬᠡᠭᠴᠢ ᠨᠠᠳᠠ ᠳᠤ ᠠᠪᠴᠦ ᠬᠡᠯᠡᠪᠡᠯ ᠲᠡᠭᠷᠢ ᠳᠤ ᠭᠠᠷᠬᠤ ᠠᠴᠠ ᠴᠦ ᠬᠦᠴᠢᠷ ᠶᠤᠮ ᠬᠡᠵᠤ ᠲᠠᠷᠡ ᠢᠨᠢᠶᠠᠮᠰᠦᠭᠯᠡᠨ ᠶᠠᠷᠢᠨ᠎ᠠ᠃ ᠡᠨᠡ ᠵᠢᠯ ᠠᠴᠠ ᠡᠬᠢᠯᠡᠨ ᠫᠠᠨ ᠰᠠᠨ ᠵᠢᠶᠤᠤ ᠴᠢ ᠤᠢ ᠬᠠᠮᠠᠭᠠᠯᠠᠭᠴᠢ ᠶᠢᠨ ᠲᠤᠭᠳᠠᠭᠰᠠᠨ ᠠᠵᠢᠯ ᠲᠠᠢ ᠪᠤᠯᠵᠤ᠂ ᠵᠢᠯ ᠳᠤ 5000 ᠲᠦᠭᠦᠷᠢᠭ ᠤᠨ ᠤᠷᠤᠯᠭ᠎ᠠ ᠲᠠᠢ ᠪᠤᠯᠵᠠᠢ᠃ ᠡᠨᠡ ᠪᠤᠯ ᠲᠤᠰ ᠲᠤᠰᠬᠤᠨ᠎ ᠤ ᠬᠡᠷᠡᠭᠵᠢᠬᠦᠯᠵᠤ ᠪᠠᠶᠢᠭ᠎ᠠ ᠤᠨᠢᠨ ᠲᠠᠭᠡᠷ᠎ᠠ ᠨᠢ ᠶᠠᠳᠠᠭᠤ ᠶᠢ ᠲᠡᠳᠭᠦᠭᠦ ᠠᠷᠭ᠎ᠠ ᠬᠡᠮᠵᠢᠶ᠎ᠠ ᠶᠢᠨ ᠨᠢᠬᠡ ᠪᠠᠶᠢᠵᠤ᠂ ᠤᠳᠤ 16 ᠶᠠᠳᠠᠭᠤ ᠬᠦᠴᠢᠷᠳᠡᠯᠳᠡᠢ ᠡᠷᠦᠬᠡ ᠶᠢᠨ ᠬᠢᠨ ᠫᠠᠨ ᠰᠠᠨ ᠵᠢᠶᠤᠤ ᠴᠢ ᠲᠠᠢ ᠠᠳᠠᠯᠢ ᠪᠠᠷ ᠤᠢ ᠬᠠᠮᠠᠭᠠᠯᠠᠭᠴᠢ ᠶᠢᠨ ᠲᠤᠭᠳᠠᠭᠰᠠᠨ ᠠᠵᠢᠯ ᠲᠠᠢ ᠪᠤᠯᠪᠠ᠃

  ᠬᠦᠬᠡᠳᠡᠯ᠎ᠠ ᠲᠤᠰᠬᠤᠨ ᠪᠤᠯ 15 ᠪᠠᠶᠢᠭᠠᠯᠢᠯᠢᠭ ᠲᠤᠰᠬᠤᠨ ᠲᠠᠢ ᠲᠤᠮᠤ ᠲᠤᠰᠬᠤᠨ ᠶᠤᠮ᠃ ᠪᠦᠬᠦ ᠲᠤᠰᠬᠤᠨ ᠳᠤ 9800 ᠮᠦ ᠲᠠᠷᠢᠶᠠᠨ ᠭᠠᠵᠠᠷ ᠪᠠ 9421 ᠮᠦ ᠶᠢᠨ ᠲᠠᠷᠢᠶᠠᠯᠠᠬᠤ ᠶᠢ ᠵᠤᠭᠰᠤᠭᠠᠨ ᠤᠢᠢᠵᠢᠭᠤᠯᠤᠭᠰᠠᠨ ᠭᠠᠵᠠᠷ ᠲᠠᠢ ᠪᠠᠶᠢᠵᠤ᠂ ᠤᠢ ᠰᠢᠭᠤᠢ ᠶᠢᠨ ᠪᠦᠬᠦ ᠲᠠᠯᠠᠪᠠᠢ ᠨᠢ 2.7 ᠲᠦᠮᠡᠨ ᠮᠦ ᠳᠤ ᠬᠦᠷᠴᠠᠢ᠃ ᠲᠤᠰ ᠲᠤᠰᠬᠤᠨ ᠵᠢᠭᠡᠯᠡᠯᠭᠡ ᠤᠯᠭᠤᠨ ᠠᠵᠤ ᠠᠬᠤᠢᠢᠯᠠᠯ ᠳᠤ ᠬᠤᠪᠢ ᠤᠷᠤᠭᠤᠯᠵᠤ ᠠᠰᠢᠭ ᠤᠯᠵᠠᠪᠤᠷᠢ ᠬᠤᠪᠢᠶᠠᠷᠢᠯᠠᠬᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠭᠦ᠂ ᠤᠢ ᠬᠠᠮᠠᠭᠠᠯᠠᠭᠴᠢ ᠶᠢᠨ ᠠᠵᠢᠯ ᠤᠯᠭᠤᠨ ᠶᠠᠳᠠᠭᠤ ᠶᠢ ᠲᠡᠳᠬᠦᠬᠦ ᠶᠢ ᠬᠦᠴᠦᠯᠡᠨ ᠠᠬᠢᠭᠤᠯᠬᠤ ᠶᠢᠨ ᠬᠠᠮᠳᠤ ᠪᠠᠰᠠ ᠲᠠᠷᠢᠵᠤ ᠲᠠᠵᠢᠭᠡᠬᠦ ᠤᠢᠢᠯᠡᠰ ᠡᠷᠬᠢᠯᠠᠵᠤ ᠪᠠᠶᠢᠭ᠎ᠠ ᠶᠠᠳᠠᠭᠤ ᠬᠦᠴᠢᠷᠳᠠᠯᠲᠠᠢ ᠡᠷᠤᠬᠡ ᠪᠦᠷᠢ ᠳᠤ ᠵᠢᠯ ᠤᠨ 1980 ᠲᠦᠭᠦᠷᠢᠭ ᠤᠨ ᠨᠦᠭᠦᠪᠦᠷᠢ ᠤᠯᠭᠤᠬᠤ᠂ ᠨᠦᠬᠦᠪᠦᠷᠢ ᠦᠭᠴᠤ ᠮᠢᠬᠠᠨ᠎ ᠤ ᠬᠤᠨᠢ ᠲᠠᠵᠢᠭᠡᠯᠬᠡᠬᠦ ᠵᠡᠷᠭᠡ ᠤᠯᠠᠨ ᠠᠷᠭ᠎ᠠ ᠪᠠᠷ ᠲᠠᠮᠵᠢᠨ 2016 ᠤᠨ ᠳᠤ 5 ᠡᠷᠤᠬᠡ ᠶᠢᠨ 17 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠨᠢᠳᠤᠨᠤᠨ 19 ᠡᠷᠤᠬᠡ ᠶᠢᠨ 41 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠤᠳᠤ 36 ᠡᠷᠤᠭᠡ ᠶᠢᠨ 74 ᠬᠦᠮᠦᠨ ᠶᠠᠳᠠᠭᠤ ᠠᠴᠠ ᠪᠠᠨ ᠠᠩᠬᠢᠵᠢᠷᠠᠭᠠᠳᠤᠢ᠃

  ᠲᠠᠷᠠᠭᠠᠴᠢ ᠪᠠᠷ ᠪᠢᠳᠡ ᠰᠠᠭᠠᠯᠢ ᠶᠢᠨ ᠢᠮᠠᠭᠠᠨ᠎ ᠤ ᠤᠢᠢᠯᠡᠰ ᠢ ᠭᠦᠭᠵᠢᠭᠦᠯᠬᠦ᠂ ᠪᠢ ᠵᠢᠶᠠᠨ ᠱᠠᠨ ᠠᠭᠤᠯᠠ ᠶᠢᠨ ᠪᠠᠶᠢᠭᠠᠯᠢ ᠶᠢᠨ ᠨᠦᠭᠦᠴᠡᠯ ᠳᠤ ᠰᠠᠭᠤᠷᠢᠯᠠᠨ ᠰᠡᠯᠡᠩᠭᠡ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠵᠤ ᠲᠠᠷᠢᠶᠠᠴᠢᠨ ᠠᠶᠢᠯ ᠤᠨ ᠵᠤᠭᠠᠴᠠᠯ ᠡᠷᠬᠢᠯᠡᠬᠦ ᠵᠡᠷᠭᠡ ᠠᠷᠭ᠎ᠠ ᠪᠠᠷ ᠶᠠᠳᠠᠭᠤ ᠬᠦᠴᠢᠷᠳᠠᠯᠲᠠᠢ ᠬᠦᠮᠦᠰ ᠢ ᠲᠠᠶᠢᠴᠢᠯᠠᠨ ᠶᠠᠳᠠᠭᠤ ᠠᠴᠠ ᠨᠢ ᠠᠩᠬᠢᠵᠢᠷᠠᠭᠤᠯᠤᠨ ᠪᠠᠶᠠᠵᠢᠭᠤᠯᠬᠤ ᠪᠠᠷ ᠲᠦᠯᠦᠪᠯᠠᠵᠤ ᠪᠠᠶᠢᠨ᠎ᠠ ᠬᠡᠵᠤ ᠬᠤᠵᠢᠷᠲᠤ ᠰᠢᠶᠠᠩ ᠤᠨ ᠲᠡᠳ᠋ ᠲᠠᠷᠤᠭ᠎ᠠ᠂ ᠬᠦᠬᠡᠳᠡᠯ᠎ᠠ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ ᠬᠤᠤ ᠠᠢ ᠴᠢᠦᠸᠠᠨ ᠰᠤᠷᠪᠤᠯᠵᠢᠯᠠᠭᠴᠢ ᠳᠤ ᠲᠦᠰᠦᠯ ᠲᠦᠯᠦᠪᠯᠡᠭᠡ ᠪᠠᠨ ᠶᠠᠷᠢᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com