ᠰᠢᠨᠵᠢᠡᠯᠬᠦ ᠤᠬᠠᠭᠠᠨᠴᠢ ᠮᠠᠯᠵᠢᠯ ᠢᠶᠠᠷ 《ᠶᠠᠳᠠᠭᠤ ᠶᠢ ᠲᠡᠤᠡᠬᠦᠬᠦ ᠬᠤᠨᠢ》 ᠶᠢ 《ᠪᠠᠶᠡᠵᠢᠨ ᠴᠢᠨᠡᠭᠡᠯᠢᠭᠵᠢᠬᠦ ᠬᠤᠨᠢ》 ᠪᠤᠯᠭᠠᠨ ᠬᠤᠪᠢᠷᠠᠭᠤᠯᠵᠤ ᠡᠸᠡᠩᠬᠢ ᠬᠤᠰᠢᠭᠤᠨ᠎ ᠤ 500 ᠶᠠᠳᠠᠭᠤ ᠬᠦᠴᠢᠷᠳᠡᠯᠲᠡᠢ ᠡᠷᠦᠬᠡ ᠵᠢᠯ ᠳᠤ 2000 ᠲᠦᠭᠦᠷᠢᠭ ᠤᠨ ᠴᠡᠪᠡᠷ ᠤᠷᠤᠯᠭ᠎ᠠ ᠲᠠᠢ ᠪᠤᠯᠵᠠᠢ

  ᠡᠸᠡᠩᠬᠢ ᠬᠤᠰᠢᠭᠤ ᠶᠡᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠳᠤ ᠶᠡᠳᠠᠭᠤ ᠬᠦᠴᠢᠷᠳᠡᠯᠳᠡᠢ ᠡᠷᠤᠭᠡ ᠶᠢ ᠮᠢᠬᠠᠨ᠎ ᠤ ᠬᠤᠨᠢ ᠶᠢᠨ ᠠᠵᠤ ᠦᠢᠯᠡᠰᠵᠢᠯᠳᠡ ᠶᠢᠨ ᠬᠡᠯᠬᠢᠶ᠎ᠠ ᠳᠤ ᠤᠷᠤᠭᠤᠯᠵᠤ᠂ ᠰᠢᠨ᠎ᠠ ᠮᠡᠷᠬᠡᠵᠢᠯ ᠢᠶᠠᠷ ᠲᠤᠯᠭᠠᠭᠤᠷᠢᠯᠠᠭᠰᠠᠨ ᠰᠢᠨᠵᠢᠯᠡᠬᠦ ᠤᠬᠠᠭᠠᠨᠴᠢ ᠮᠠᠯᠵᠢᠯ ᠢᠶᠠᠷ ᠶᠠᠳᠠᠭᠤ ᠶᠢ ᠲᠡᠤᠡᠬᠦᠬᠦ ᠬᠤᠨᠢ ᠶᠢ ᠪᠠᠶᠡᠵᠢᠨ ᠴᠢᠨᠡᠭᠡᠯᠢᠭᠵᠢᠬᠦ ᠬᠤᠨᠢ ᠪᠤᠯᠭᠠᠨ ᠬᠤᠪᠢᠷᠠᠭᠤᠯᠤᠭᠠᠳ ᠮᠠᠯᠵᠢᠬᠤ ᠤᠷᠤᠨ᠎ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨ᠎ᠠ ᠵᠠᠮ ᠢ ᠬᠠᠶᠢᠨ ᠰᠦᠪᠡᠭᠴᠢᠯᠡᠵᠤ ᠪᠤᠢ᠃

  ᠤᠢᠢᠷ᠎ᠠ ᠶᠢᠨ ᠡᠳᠤᠷ᠂ ᠡᠸᠡᠩᠬᠢ ᠬᠤᠰᠢᠭᠤᠨ᠎ ᠤ ᠪᠠᠶᠡᠡᠴᠠᠭᠠᠨ ᠰᠤᠮᠤ ᠶᠢᠨ ᠮᠡᠭᠡᠷᠳᠤ ᠭᠠᠴᠠᠭᠠᠨ᠎ ᠤ ᠮᠠᠯᠴᠢᠨ ᠴᠠᠩ ᠱᠦ ᠬᠤᠨᠢ ᠪᠠᠨ ᠬᠠᠶᠢᠴᠢᠯᠠᠬᠤ᠂ ᠮᠢᠬᠠᠨ᠎ ᠤ ᠬᠤᠷᠠᠭ᠎ᠠ ᠪᠠᠨ ᠠᠷᠡᠴᠢᠯᠡᠵᠤ ᠲᠤᠳᠤᠮᠳᠠᠬᠤ ᠠᠵᠢᠯ ᠳᠠᠭᠠᠨ ᠮᠤᠩᠭᠠᠨᠢᠨ᠎ᠡ᠃ ᠨᠢᠳᠤᠨᠤᠨ ᠴᠠᠩ ᠱᠦ ᠬᠤᠰᠢᠭᠤᠨ ᠤ ᠪᠠᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠵᠢᠯᠤᠭᠤᠳᠤᠯᠭ᠎ᠠ ᠪᠠᠷ ᠭᠠᠳᠠᠭᠠᠳᠤ ᠤᠯᠤᠰ ᠠᠴᠠ ᠴᠡᠪᠡᠷ ᠡᠬᠦᠯᠳᠡᠷ ᠤᠨ ᠳ᠋ᠦ᠋ ᠪᠦᠸᠧ ᠬᠤᠴᠠ ᠬᠤᠳᠡᠯᠳᠤᠠ ᠤᠷᠤᠭᠤᠯᠵᠤ᠂ ᠨᠤᠳᠤᠭ ᠤᠨ ᠬᠤᠨᠢ ᠪᠠᠨ ᠡᠷᠯᠢᠰᠡᠵᠢᠬᠦᠯᠤᠭᠡᠤᠨ ᠡᠨᠡ ᠵᠢᠯ ᠤᠨ 2 ᠰᠠᠷ᠎ᠠ ᠠᠴᠠ ᠲᠦᠯ ᠲᠤᠰᠴᠤ ᠡᠬᠢᠯᠡᠪᠡ᠃ ᠬᠤᠨᠢᠨ᠎ ᠤ ᠡᠬᠦᠯᠳᠡᠷ ᠰᠠᠶᠢᠵᠢᠷᠠᠭᠤᠯᠤᠯᠳᠡ ᠶᠢᠨ ᠪᠠᠶᠢᠳᠠᠯ ᠶᠠᠮᠠᠷ ᠪᠠᠶᠢᠭ᠎ᠠ ᠪᠤᠯ ᠭᠡᠵᠤ ᠰᠠᠨᠠᠭᠠᠰᠢᠷᠠᠭᠰᠠᠨ ᠬᠤᠰᠢᠭᠤᠨ᠎ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠡᠨ᠎ ᠤ ᠮᠡᠷᠭᠡᠵᠢᠯᠳᠡᠨ ᠵᠤᠤ ᠶᠡᠨ ᠹᠠᠨᠭ᠌ ᠲᠠᠬᠢᠨᠳᠠ ᠴᠠᠩ ᠱᠦ ᠶᠢᠨ ᠬᠢᠨ ᠳᠤ ᠢᠷᠡᠵᠤ᠂ ᠲᠡᠬᠦᠨ ᠳᠤ ᠳ᠋ᠦ᠋ ᠪᠦᠸᠧ ᠬᠤᠷᠠᠭ᠎ᠠ ᠶᠢ ᠠᠷᠡᠴᠢᠯᠡᠵᠤ ᠲᠤᠳᠤᠮᠳᠠᠬᠤ ᠲᠤᠬᠠᠢ ᠵᠢᠯᠤᠭᠤᠳᠤᠯᠭ᠎ᠠ ᠬᠢᠯ᠎ᠡ᠃ ᠴᠠᠩ ᠱᠦ ᠶᠢᠨ ᠬᠢᠨ ᠪᠤᠯ ᠮᠡᠭᠡᠷᠳᠤ ᠭᠠᠴᠠᠭᠠᠨ᠎ ᠤ ᠶᠠᠳᠠᠭᠤ ᠬᠦᠴᠢᠷᠳᠡᠯᠳᠡᠢ ᠡᠷᠤᠭᠡ ᠪᠠᠶᠢᠡᠡᠰᠡᠨ ᠶᠤᠮ᠃ ᠭᠡᠳᠤᠨ ᠵᠢᠯ ᠤᠨ ᠡᠮᠤᠨ᠎ᠠ ᠵᠠᠰᠠᠭ ᠤᠨ ᠤᠷᠳᠤᠨ᠎ ᠤ ᠬᠠᠪᠰᠤᠷᠤᠯᠭ᠎ᠠ ᠪᠠᠷ 40 ᠬᠤᠨᠢ ᠬᠤᠳᠡᠯᠳᠤᠨ ᠠᠪᠴᠤ ᠲᠡᠵᠢᠭᠡᠨ᠂ ᠤᠳᠤ 300 ᠭᠠᠷᠤᠢ ᠪᠤᠯᠵᠤ ᠦᠷᠡᠵᠢᠪᠡ᠃ ᠨᠢᠳᠤᠨᠤᠨ ᠲᠡᠳᠡᠨᠡᠶᠢᠬᠢᠨ 200 ᠭᠠᠷᠤᠢ ᠡᠷᠯᠢᠰᠡᠵᠢᠬᠦᠯᠦᠭᠰᠡᠨ ᠳ᠋ᠦ᠋ ᠪᠦᠸᠧ ᠬᠤᠷᠠᠭ᠎ᠠ ᠲᠤᠰᠤᠭᠠᠳ ᠨᠠᠮᠤᠷ ᠨᠢ ᠬᠤᠳᠡᠯᠳᠤᠵᠤ᠂ ᠨᠤᠳᠤᠭ ᠤᠨ ᠬᠤᠷᠠᠭ᠎ᠠ ᠲᠠᠢ ᠬᠠᠷᠢᠴᠠᠭᠤᠯᠪᠠᠯ ᠲᠤᠮᠳᠠᠴᠢ ᠪᠠᠷ ᠬᠤᠷᠠᠭ᠎ᠠ ᠪᠦᠷᠢ ᠨᠢ 10 ᠵᠢᠩ ᠮᠢᠬ᠎ᠠ ᠢᠯᠡᠬᠦᠤ ᠭᠠᠷᠴᠤ᠂ ᠨᠡᠶᠢᠳᠡ 2.4 ᠲᠦᠮᠡᠨ ᠲᠦᠬᠦᠷᠢᠭ ᠤᠨ ᠤᠷᠤᠯᠭ᠎ᠠ ᠨᠡᠮᠡᠭᠳᠡᠭᠰᠡᠨ ᠪᠠᠶᠢᠨ᠎ᠠ᠃

  ᠡᠸᠡᠩᠬᠢ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠲᠤᠮᠳᠡ ᠶᠡᠳᠠᠭᠤ ᠬᠦᠴᠢᠷᠳᠡᠯᠳᠠᠢ ᠡᠷᠤᠭᠡ ᠶᠢ ᠲᠤᠰᠬᠠᠢ ᠬᠤᠷᠰᠢᠶ᠎ᠠ ᠳᠤ ᠤᠷᠤᠭᠤᠯᠤᠨ ᠠᠵᠤ ᠦᠢᠯᠡᠰ ᠢᠶᠠᠷ ᠶᠡᠳᠠᠭᠤ ᠶᠢ ᠲᠡᠤᠡᠬᠦᠬᠦ ᠶᠢ ᠢᠳᠡᠪᠬᠢᠳᠠᠢ ᠠᠬᠢᠭᠤᠯᠤᠭᠰᠠᠨ ᠪᠠᠶᠢᠨ᠎ᠠ᠃ ᠪᠡᠰᠠ ᠭᠤᠷᠪᠡ ᠶᠢ ᠭᠠᠴᠠᠭ᠎ᠠ ᠲᠤᠰᠬᠤᠨ ᠪᠠ ᠡᠷᠤᠭᠡ ᠳᠤ ᠬᠦᠷᠭᠡᠬᠦ ᠲᠦᠷᠤᠯ ᠵᠦᠢᠯ ᠤᠨ ᠪᠡᠯᠨ ᠮᠦᠡᠭᠬᠦ ᠪᠠᠷ ᠲᠤᠰᠬᠠᠢ ᠬᠤᠷᠰᠢᠶ᠎ᠠ ᠳᠤ ᠬᠤᠪᠢ ᠤᠷᠤᠭᠤᠯᠵᠤ᠂ ᠶᠠᠳᠠᠭᠤ ᠬᠦᠴᠢᠷᠳᠡᠯᠳᠡᠢ ᠮᠠᠯᠴᠢᠤᠨ ᠵᠢᠯ ᠪᠦᠷᠢ ᠲᠤᠡᠡᠳ᠋ᠬᠠᠰᠡᠨ ᠬᠠᠷᠢᠴᠡᠯ ᠢᠶᠠᠷ ᠠᠰᠢᠭ ᠤᠯᠵᠠᠪᠤᠷᠢ ᠬᠤᠪᠢᠳᠡᠨ ᠤᠯᠬᠤ ᠪᠤᠯᠪᠠ᠃ ᠲᠤᠰ ᠬᠤᠰᠢᠭᠤᠨ᠎ ᠤ ᠶᠢᠩ ᠯᠦᠨ ᠮᠠᠯ ᠠᠵᠤ ᠠᠬᠤᠢ ᠶᠢᠨ ᠬᠤᠯᠪᠤᠭᠠᠳᠤ ᠬᠤᠷᠰᠢᠶ᠎ᠠ ᠶᠠᠳᠠᠭᠤ ᠬᠦᠴᠢᠷᠳᠡᠯᠳᠡᠢ ᠮᠠᠯᠴᠢᠤᠨ ᠤᠨ ᠬᠤᠪᠢ ᠤᠷᠤᠭᠤᠯᠤᠡᠡᠰᠡᠨ ᠪᠡᠯᠡ ᠮᠦᠩᠬᠦ ᠪᠠᠷ ᠡᠷᠤᠭᠡ ᠪᠦᠷᠢ ᠳᠤ 45 ᠬᠤᠨᠢ ᠬᠤᠳᠡᠯᠳᠤᠨ ᠠᠪᠴᠤ ᠦᠭᠬᠦᠭᠡᠳ ᠲᠤᠰᠬᠠᠢ ᠬᠤᠷᠰᠢᠶ᠎ᠠ ᠳᠤ ᠠᠷᠡᠴᠢᠯᠡᠨ ᠲᠡᠵᠢᠭᠡᠵᠤ᠂ ᠶᠠᠳᠠᠭᠤ ᠬᠦᠴᠢᠷᠳᠡᠯᠳᠡᠢ ᠮᠠᠯᠴᠢᠤᠨ ᠶᠠᠮᠡᠷᠴᠤ ᠬᠦᠴᠤ ᠬᠦᠳᠡᠯᠮᠤᠷᠢ ᠵᠠᠷᠤᠴᠠᠭᠤᠯᠬᠤ ᠦᠭᠡᠢ ᠪᠠᠷ ᠬᠤᠨᠢ ᠪᠦᠷᠢ ᠠᠴᠠ ᠵᠢᠯ ᠳᠤ 160 ᠲᠦᠬᠦᠷᠢᠭ ᠤᠨ ᠠᠰᠢᠭ ᠤᠯᠵᠠᠪᠤᠷᠢ ᠬᠤᠪᠢᠳᠠᠨ ᠤᠯᠵᠤ ᠪᠤᠢ᠃ ᠨᠤᠳᠤᠭ ᠤᠨ ᠬᠤᠨᠢ ᠶᠢᠨ ᠪᠤᠳᠠᠭᠠᠯᠢ ᠪᠠᠶ᠎ᠠ ᠶᠢᠨ ᠮᠢᠬᠠᠨ᠎ ᠤ ᠭᠠᠷᠤᠯᠳᠡ ᠬᠠᠷᠢᠴᠠᠩᠭᠤᠢ ᠪᠠᠷ ᠪᠠᠭ᠎ᠠ ᠪᠤᠯᠬᠤᠷ ᠬᠤᠰᠢᠭᠤᠨ᠎ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠬᠢᠨ ᠶᠡᠳᠠᠭᠤ ᠶᠢ ᠲᠡᠤᠡᠬᠦᠬᠦ ᠬᠤᠨᠢ ᠶᠢ ᠡᠬᠦᠯᠳᠡᠷ ᠰᠠᠶᠢᠵᠢᠷᠠᠭᠤᠯᠵᠤ ᠦᠷ᠎ᠠ ᠠᠰᠢᠭ ᠢ ᠨᠢ ᠲᠡᠭᠡᠭᠰᠢᠯᠡᠬᠦᠯᠬᠦ ᠠᠷᠭ᠎ᠠ ᠵᠠᠮ ᠢ ᠬᠠᠶᠢᠵᠠᠢ᠃ ᠲᠡᠳᠡ ᠶᠢᠩ ᠯᠦᠨ ᠬᠤᠯᠪᠤᠭᠠᠳᠤ ᠬᠤᠷᠰᠢᠶ᠎ᠠ ᠲᠠᠢ ᠬᠠᠮᠳᠤᠷᠠᠵᠤ᠂ ᠶᠠᠳᠠᠭᠤ ᠬᠦᠴᠢᠷᠳᠡᠯᠳᠡᠢ ᠮᠠᠯᠴᠢᠳ ᠢ ᠲᠠᠶᠢᠴᠢᠯᠠᠨ ᠴᠡᠪᠡᠷ ᠡᠬᠦᠯᠳᠡᠷ ᠤᠨ ᠳ᠋ᠦ᠋ ᠪᠦᠸᠧ ᠬᠤᠴᠠ ᠪᠠᠷ ᠨᠤᠳᠤᠭ ᠤᠨ ᠬᠤᠨᠢ ᠪᠠᠨ ᠡᠷᠯᠢᠰᠡᠵᠢᠬᠦᠯᠤᠨ ᠡᠬᠦᠯᠳᠡᠷ ᠰᠠᠶᠢᠵᠢᠷᠠᠭᠤᠯᠤᠭᠰᠠᠨ ᠳᠤ ᠲᠤᠬᠠᠢ ᠶᠢᠨ ᠵᠢᠯ ᠳᠡᠭᠡᠨ ᠲᠦᠯᠯᠡᠭᠰᠡᠨ ᠨᠤᠷᠮ᠎ᠠ ᠨᠢ 71.1% ᠲᠤ ᠬᠦᠷᠴᠦ᠂ ᠬᠤᠷᠠᠭ᠎ᠠ ᠨᠢᠬᠡᠪᠤᠷᠢ ᠶᠢᠨ ᠪᠤᠳᠠᠭᠠᠯᠢ ᠪᠠᠶ᠎ᠠ ᠶᠢᠨ ᠮᠢᠬᠠᠨ᠎ ᠤ ᠭᠠᠷᠤᠯᠳᠡ ᠢᠯᠡᠤᠡᠳᠠ ᠲᠡᠭᠡᠭᠰᠢᠯᠡᠭᠰᠡᠨ ᠪᠤᠯᠬᠤᠷ ᠵᠢᠯ ᠤᠨ ᠰᠡᠬᠦᠯᠴᠢ ᠪᠠᠷ ᠡᠷᠤᠭᠡ ᠪᠦᠷᠢ ᠢᠯᠡᠬᠦᠤ 2000 ᠲᠦᠬᠦᠷᠢᠭ ᠤᠨ ᠠᠰᠢᠭ ᠤᠯᠵᠠᠪᠤᠷᠢ ᠬᠤᠪᠢᠳᠠᠨ ᠤᠯᠤᠭᠰᠠᠨ ᠪᠠᠶᠢᠨ᠎ᠠ᠃ ᠡᠨᠡ ᠵᠢᠯ ᠶᠢᠩ ᠯᠦᠨ ᠮᠠᠯ ᠠᠵᠤ ᠠᠬᠤᠢ ᠶᠢᠨ ᠬᠤᠯᠪᠤᠭᠠᠳᠤ ᠬᠤᠷᠰᠢᠶ᠎ᠠ ᠶᠢᠨ ᠮᠠᠯᠵᠢᠵᠤ ᠪᠠᠶᠢᠭ᠎ᠠ ᠮᠢᠬᠠᠨ᠎ ᠤ ᠬᠤᠨᠢ 5000 ᠶᠢ ᠲᠠᠪᠠᠵᠤ᠂ ᠲᠤᠰᠬᠠᠢ ᠬᠤᠷᠰᠢᠶ᠎ᠠ ᠪᠤᠯᠤᠨ ᠶᠡᠳᠠᠭᠤ ᠬᠦᠴᠢᠷᠳᠡᠯᠳᠡᠢ ᠡᠷᠤᠭᠡ ᠵᠡᠷᠭᠡᠪᠡᠷ ᠠᠰᠢᠭ ᠬᠦᠷᠳᠡᠬᠦ ᠶᠢ ᠪᠠᠶᠡᠯᠡᠬᠦᠯᠪᠡ᠃

  ᠤᠳᠤ ᠪᠦᠬᠦ ᠬᠤᠰᠢᠭᠤᠨ ᠳᠤ 2000 ᠭᠠᠷᠤᠢ ᠮᠡᠯᠵᠢᠬᠤ ᠡᠷᠤᠭᠡ ᠶᠢᠨ ᠬᠢᠨ ᠰᠢᠨ᠎ᠠ ᠮᠡᠷᠭᠡᠵᠢᠯ ᠢᠶᠠᠷ ᠲᠤᠯᠭᠠᠭᠤᠷᠢᠯᠠᠭᠰᠠᠨ ᠰᠢᠨᠵᠢᠯᠡᠬᠦ ᠤᠬᠠᠭᠠᠨᠴᠢ ᠮᠠᠯᠵᠢᠯ ᠠᠴᠠ ᠠᠰᠢᠭ ᠬᠦᠷᠳᠡᠵᠤ ᠪᠤᠢ᠃ ᠡᠬᠦᠨ ᠳᠤ 500 ᠶᠠᠳᠠᠭᠤ ᠬᠦᠴᠢᠷᠳᠡᠯᠳᠡᠢ ᠡᠷᠤᠭᠡ ᠶᠢᠨ ᠬᠢᠨ ᠶᠠᠳᠠᠭᠤ ᠶᠢ ᠲᠡᠤᠡᠬᠦᠬᠦ ᠪᠡᠯᠨ ᠮᠦᠡᠭᠬᠦ ᠪᠠᠷ ᠬᠤᠪᠢ ᠤᠷᠤᠭᠤᠯᠬᠤ᠂ ᠬᠦᠳᠡᠯᠮᠤᠷᠢ ᠬᠦᠴᠦ ᠪᠠᠷ ᠬᠤᠪᠢ ᠤᠷᠤᠭᠤᠯᠬᠤ᠂ ᠮᠠᠯ ᠤᠨᠤᠭ᠎ᠠ ᠪᠠᠨ ᠨᠠᠶᠢᠳᠡᠨ ᠬᠠᠮᠢᠶᠠᠷᠤᠭᠤᠯᠬᠤ ᠵᠡᠷᠭᠡ ᠭᠡᠯᠪᠡᠷᠢ ᠪᠠᠷ ᠲᠤᠰᠬᠠᠢ ᠬᠤᠷᠰᠢᠶ᠎ᠠ ᠳᠤ ᠤᠷᠤᠵᠤ᠂ ᠲᠤᠡᠡᠳ᠋ᠬᠠᠰᠡᠨ ᠬᠠᠷᠢᠴᠡᠯ ᠢᠶᠠᠷ ᠠᠰᠢᠭ ᠤᠯᠵᠠᠪᠤᠷᠢ ᠬᠤᠪᠢᠳᠡᠨ ᠤᠯᠵᠤ᠂ ᠡᠷᠤᠭᠡ ᠪᠦᠷᠢ ᠵᠢᠯ ᠳᠤ 2000 ᠲᠦᠬᠦᠷᠢᠭ ᠤᠨ ᠴᠡᠪᠡᠷ ᠤᠷᠤᠯᠭ᠎ᠠ ᠤᠯᠵᠤ ᠪᠤᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com