ᠲᠦᠴᠢᠨ ᠲᠤᠯᠤᠳᠤᠭᠠᠷ ᠬᠢᠨᠠᠨ ᠵᠢᠯᠤᠭᠤᠳᠬᠤ ᠲᠤᠭᠤᠢᠢᠯᠠᠩ

  ᠲᠠᠶᠢᠨ ᠪᠠᠶᠢᠯᠳᠤᠭᠠᠨ ᠳᠤ ᠭᠠᠷᠮᠠᠭᠠᠢ ᠵᠢᠯᠤᠭᠤᠳᠤᠭᠴᠢ ᠴᠢᠬᠤᠯᠠ ᠤᠢᠢᠯᠡᠳᠤᠯ ᠲᠠᠢ ᠪᠠᠶᠢᠳᠠᠭ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠴᠦ ᠭᠠᠷᠮᠠᠭᠠᠢ ᠵᠢᠯᠤᠭᠤᠳᠤᠭᠴᠢ ᠱᠠᠭᠠᠷᠳᠠᠭᠳᠠᠨ᠎ᠠ᠃ ᠲᠦᠷᠦᠭᠦᠬᠡᠨ ᠲᠦᠷᠪᠡᠳ ᠬᠤᠰᠢᠭᠤᠨ᠎ ᠤ ᠪᠠᠶᠠᠨᠴᠤᠭᠲᠤ ᠪᠠᠯᠭᠠᠰᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠯᠤᠭᠤᠳᠤᠭᠴᠢ ᠲᠠᠢ ᠪᠤᠯᠤᠯ᠎ᠠ ᠬᠡᠰᠡᠨ ᠴᠢᠮᠡᠭᠡ ᠪᠠᠷ ᠪᠢᠳᠡ ᠰᠤᠷᠪᠤᠯᠵᠢᠯᠠᠬᠤ ᠪᠠᠷ ᠬᠦᠷᠪᠠ᠃

  ᠲᠦᠷᠪᠡᠳ ᠬᠤᠰᠢᠭᠤᠨ᠎ ᠤ ᠲᠦᠪ ᠤᠯᠠᠭᠠᠨᠬᠤᠸᠠ ᠪᠠᠯᠭᠠᠰᠤ ᠠᠴᠠ ᠬᠤᠶᠢᠰᠢ ᠪᠠᠨ 120 ᠺᠢᠯᠤᠮᠧᠲᠷ ᠠᠶᠠᠯᠠᠭᠠᠳ ᠪᠠᠶᠠᠨᠴᠤᠭᠲᠤ ᠪᠠᠯᠭᠠᠰᠤᠨ᠎ ᠤ ᠵᠠᠰᠠᠭ ᠤᠨ ᠤᠷᠳᠤᠨ᠎ ᠤ ᠰᠠᠭᠤᠭ᠎ᠠ ᠭᠠᠵᠡᠷ ᠲᠤ ᠬᠦᠷᠪᠡ᠃ ᠪᠠᠯᠭᠠᠰᠤᠨ᠎ ᠤ ᠠᠯᠪᠠᠨ ᠠᠰᠠᠷ ᠲᠤ ᠦᠨᠳᠤᠷᠬᠡᠡ ᠪᠠᠶ᠎ᠠ ᠲᠠᠢ᠂ ᠬᠦᠷᠦᠰᠦᠯᠢᠭ ᠪᠤᠷᠤ ᠴᠢᠷᠠᠢ ᠲᠠᠢ ᠪᠤᠯᠠᠭ ᠬᠡᠭᠴᠢ ᠪᠠᠯᠭᠠᠰᠤᠨ ᠲᠠᠷᠤᠭ᠎ᠠ ᠪᠢᠳᠡᠨ ᠢ ᠤᠭᠳᠤᠯ᠎ᠠ᠃ ᠲᠡᠷᠡ ᠪᠠᠯᠭᠠᠰᠤᠨ᠎ ᠤ ᠪᠠᠶᠢᠳᠠᠯ ᠢᠶᠠᠨ ᠲᠦᠭᠦᠮ ᠲᠠᠨᠢᠯᠴᠠᠭᠤᠯᠬᠤ ᠶᠢᠨ ᠵᠡᠷᠬᠡᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠴᠢᠬᠤᠯᠠ ᠤᠢᠢᠯᠡᠳᠤᠯ ᠦᠵᠡᠭᠦᠯᠵᠤ ᠪᠠᠶᠢᠭ᠎ᠠ ᠵᠢᠯᠤᠭᠤᠳᠤᠭᠴᠢ ᠪᠤᠯᠬᠤ ᠬᠤᠲᠠ ᠶᠢᠨ ᠨᠠᠮ ᠤᠨ ᠬᠤᠷᠢᠶ᠎ᠠ ᠠᠴᠠ ᠲᠤᠮᠢᠯᠠᠭᠰᠠᠨ 47 ᠳ᠋ᠤᠭᠠᠷ ᠬᠢᠨᠠᠨ ᠵᠢᠯᠤᠭᠤᠳᠬᠤ ᠲᠤᠭᠤᠢᠢᠯᠠᠩ ᠢ ᠤᠨᠴᠠᠯᠠᠠ ᠲᠠᠨᠢᠯᠴᠠᠭᠤᠯᠵᠡᠢ᠃

  ᠪᠢᠳᠡ ᠪᠤᠯᠠᠭ ᠲᠡᠷᠤᠭ᠎ᠠ ᠶᠢᠨ ᠲᠠᠨᠢᠯᠴᠠᠭᠤᠯᠭ᠎ᠠ ᠪᠠᠷ ᠤᠯᠠᠭᠠᠨᠴᠠᠪ ᠬᠤᠲᠠ ᠶᠢᠨ ᠪᠠᠶᠠᠨᠴᠤᠭᠲᠤ ᠪᠠᠯᠭᠠᠰᠤᠨ ᠳᠤ ᠲᠤᠮᠢᠯᠠᠭᠰᠠᠨ ᠶᠠᠳᠠᠭᠤ ᠶᠢ ᠲᠡᠳᠭᠦᠬᠦ ᠪᠤᠭᠤᠮᠳᠠ ᠰᠢᠪᠲᠤᠯᠬᠤ ᠠᠵᠢᠯ ᠢ ᠬᠢᠨᠠᠨ ᠵᠢᠯᠤᠭᠤᠳᠬᠤ ᠲᠤᠭᠤᠢᠢᠯᠠᠩ ᠤᠨ ᠲᠡᠳ᠋ ᠲᠠᠷᠤᠭ᠎ᠠ ᠯᠢᠤ ᠭᠧᠨ ᠵᠦ ᠲᠠᠢ ᠵᠤᠯᠭᠠᠪᠠ᠃ ᠯᠢᠤ ᠭᠧᠨ ᠵᠦ ᠲᠤᠮᠳᠠ ᠶᠢᠨ ᠪᠠᠶ᠎ᠠ᠂ ᠦᠷᠭᠡᠨ ᠮᠠᠩᠨᠠᠢ ᠲᠠᠢ᠂ ᠦᠭᠡ ᠶᠠᠷᠢᠶ᠎ᠠ ᠲᠤᠳᠤ ᠪᠦᠭᠡᠳ ᠤᠷᠤᠰᠤᠮ᠎ᠠ᠂ ᠨᠢᠳᠤᠨ ᠰᠢᠯ ᠵᠡᠭᠦᠵᠤ ᠪᠢᠴᠢᠭ ᠤᠨ ᠬᠦᠮᠦᠨ᠎ ᠤ ᠲᠦᠯᠦᠪ ᠪᠠᠶᠢᠳᠠᠯ ᠢᠯᠠᠷᠭᠡᠢ᠃

  ᠲᠡᠭᠦᠨ᠎ ᠤ ᠲᠠᠨᠢᠯᠴᠠᠭᠤᠯᠬᠤ ᠪᠠᠷ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠴᠢᠨᠠᠭᠰᠢᠳᠠ ᠠᠬᠢᠭᠤᠯᠵᠤ ᠶᠠᠳᠠᠭᠤ ᠶᠢ ᠲᠡᠳᠭᠦᠬᠦ ᠡᠭᠦᠷᠭᠡ ᠶᠢ ᠴᠠᠭ ᠲᠠᠭᠠᠨ ᠪᠠᠶᠠᠯᠡᠭᠦᠯᠬᠦ ᠶᠢᠨ ᠲᠦᠯᠦᠭᠡ ᠡᠨᠡ ᠵᠢᠯ ᠤᠨ 4 ᠰᠠᠷ᠎ᠠ ᠶᠢᠨ 19᠎ ᠤ ᠡᠳᠤᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ 13 ᠳ᠋ᠤᠭᠠᠷ ᠨᠤᠮᠧᠷᠲᠤ ᠪᠢᠴᠢᠭ ᠮᠠᠲ᠋ᠧᠷᠢᠶᠠᠯ ᠪᠠᠭᠤᠯᠭᠠᠵᠤ᠂ ᠪᠦᠬᠦ ᠬᠤᠲᠠ ᠶᠢᠨ 92 ᠰᠤᠮᠤ᠂ ᠰᠢᠶᠠᠩ᠂ ᠪᠠᠯᠭᠠᠰᠤᠨ ᠳᠤ ᠬᠢᠨᠠᠨ ᠵᠢᠯᠤᠭᠤᠳᠬᠤ ᠲᠤᠭᠤᠢᠢᠯᠠᠩ ᠲᠤᠮᠢᠯᠠᠬᠤ ᠪᠠᠷ ᠲᠤᠭᠳᠠᠭᠠᠳ ᠯᠢᠤ ᠭᠧᠨ ᠵᠦ ᠪᠠᠷ ᠲᠤᠰ ᠲᠤᠭᠤᠢᠢᠯᠠᠩ ᠤᠨ ᠠᠵᠢᠯ ᠢ ᠬᠠᠷᠢᠭᠤᠴᠠᠭᠤᠯᠤᠭᠰᠠᠠ ᠪᠠᠶᠢᠨ᠎ᠠ᠃ ᠮᠠᠠ᠎ ᠤ ᠲᠤᠭᠤᠢᠢᠯᠠᠩ 4 ᠬᠦᠮᠦᠨ ᠲᠠᠢ᠂ ᠬᠤᠲᠠ ᠶᠢᠨ ᠬᠠᠮᠢᠶ᠎ᠠ ᠪᠦᠬᠦᠢ ᠪᠠᠶᠢᠭᠤᠯᠭ᠎ᠠ ᠠᠴᠠ 2 ᠺᠠᠳ᠋ᠷ᠂ ᠬᠤᠰᠢᠭᠤᠨ᠎ ᠤ ᠪᠠᠶᠢᠭᠤᠯᠭ᠎ᠠ ᠨᠢᠭᠡᠴᠢ ᠠᠴᠠ 1 ᠺᠠᠳ᠋ᠷ᠂ ᠪᠠᠯᠭᠠᠰᠳ ᠠᠴᠠ 1 ᠺᠠᠳ᠋ᠷ ᠲᠤᠬᠢᠷᠠᠭᠤᠯᠵᠡᠢ᠃ ᠡᠭᠦᠨ ᠳᠤ 3 ᠺᠠᠳ᠋ᠷ ᠨᠢ ᠦᠨᠳᠤᠰᠤᠨ ᠱᠠᠲᠤᠨ᠎ ᠤ ᠠᠵᠢᠯ ᠤᠨ ᠲᠤᠷᠰᠢᠯᠭ᠎ᠠ ᠦᠭᠡᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠤᠷᠤᠯᠴᠠᠵᠥ ᠦᠡᠭᠬᠡᠷᠡᠭᠰᠡᠡ ᠦᠬᠡᠢ ᠪᠤᠯᠬᠤᠷ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠰᠠᠶᠢᠨ ᠤᠢᠢᠯᠡᠭᠠᠬᠤ ᠦᠭᠡᠢ᠃ ᠡᠶᠢᠮᠦ ᠪᠠᠶᠢᠳᠠᠯ ᠲᠤᠤᠷ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠢᠨᠠᠨ ᠵᠢᠯᠤᠭᠤᠳᠬᠤ ᠬᠡᠳᠡᠭ ᠨᠡᠯᠢᠶᠠᠳ ᠬᠦᠴᠢᠷ᠃ ᠢᠡᠭᠬᠢᠬᠡᠳ ᠮᠠᠠ᠎ ᠤ ᠲᠤᠭᠤᠢᠢᠯᠠᠩ ᠶᠠᠭᠤᠠ᠎ ᠤ ᠡᠮᠤᠨ᠎ᠠ ᠪᠠᠯᠭᠠᠰᠤᠨ᠎ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠠᠶᠢᠳᠠᠯ ᠢ ᠤᠢᠢᠯᠠᠭᠠᠬᠤ ᠪᠠ ᠰᠤᠷᠤᠯᠴᠠᠬᠤ ᠪᠠᠨ ᠡᠬᠢᠯᠡᠭᠦᠯᠪᠡ ᠬᠡᠵᠤ ᠯᠢᠤ ᠭᠧᠨ ᠵᠦ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃

  ᠲᠤᠰ ᠲᠤᠭᠤᠢᠢᠯᠠᠩ ᠤᠨ ᠬᠢᠨ ᠪᠠᠶᠠᠨᠴᠤᠭᠲᠤ ᠪᠠᠯᠭᠠᠰᠤᠨ ᠳᠤ ᠢᠷᠡᠭᠰᠡᠨ᠎ ᠤ ᠲᠠᠷᠠᠭ᠎ᠠ ᠪᠠᠯᠭᠠᠰᠤ ᠵᠢᠴᠢ ᠪᠠᠯᠭᠠᠰᠤᠨ᠎ ᠤ ᠬᠠᠷᠢᠶᠠᠨ ᠳᠠᠬᠢ 9 ᠭᠠᠴᠠᠭ᠎ᠠ ᠶᠢᠨ ᠨᠢᠭᠡᠳᠤᠭᠡᠷ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠲᠡᠬᠢᠭᠠᠳ ᠦᠪᠡᠷᠰᠠᠳ ᠤᠨ ᠰᠤᠷᠤᠯᠴᠠᠯᠭ᠎ᠠ ᠶᠢᠨ ᠠᠵᠢᠯ ᠢᠶᠠᠨ ᠡᠬᠢᠯᠡᠭᠦᠯᠵᠡᠢ᠃ ᠲᠡᠳᠡ ᠭᠠᠷᠠᠭ ᠪᠦᠷᠢ ᠶᠢᠨ ᠨᠢᠭᠡᠨ ᠳᠤ ᠬᠠᠮᠲᠤ ᠪᠠᠷ ᠰᠤᠷᠤᠯᠴᠠᠨ ᠪᠤᠰᠤᠳ ᠴᠠᠭ ᠢᠶᠠᠷ ᠢᠶᠠᠨ ᠬᠤᠪᠢ ᠬᠤᠪᠢ ᠪᠠᠷ ᠢᠶᠠᠨ ᠰᠤᠷᠤᠯᠴᠠᠬᠤ ᠲᠦᠷᠢᠮ ᠲᠤᠭᠳᠠᠭᠠᠵᠤ᠂ ᠶᠠᠷᠤᠩᠬᠡᠢ ᠱᠦᠵᠢ ᠰᠢ ᠶᠢᠨ ᠫᠢᠡᠭ ᠤᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠲᠤᠬᠠᠢ ᠴᠢᠬᠤᠯᠠ ᠶᠠᠷᠢᠶ᠎ᠠ᠂ ᠤᠯᠤᠰ᠂ ᠤᠷᠤᠨ᠂ ᠬᠤᠲᠠ ᠶᠢᠨ ᠶᠠᠳᠠᠭᠤ ᠠᠴᠠ ᠠᠩᠬᠢᠵᠢᠷᠠᠭᠤᠯᠬᠤ ᠲᠤᠬᠠᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ᠂ ᠲᠦᠷᠢᠮ ᠲᠤᠭᠳᠠᠭᠠᠯ᠂ ᠠᠷᠭ᠎ᠠ ᠠᠪᠴᠠᠯ᠂ ᠪᠤᠲᠠᠲᠠᠢ ᠠᠵᠢᠯᠯᠠᠭᠠᠨ᠎ ᠤ ᠠᠯᠬᠤᠮ ᠲᠠᠷᠠᠭ᠎ᠠ ᠵᠡᠷᠭᠡ ᠶᠢ ᠬᠢᠨᠠᠮᠠᠭᠠᠢ ᠰᠤᠷᠤᠯᠴᠠᠪᠠ᠃ ᠡᠬᠦᠠ ᠤ ᠪᠠᠨ ᠵᠡᠷᠬᠡᠪᠠᠷ ᠪᠠᠰᠠ᠂ ᠬᠤᠲᠠ᠂ ᠬᠤᠰᠢᠭᠤ ᠬᠤᠶᠠᠷ ᠱᠠᠲᠤᠨ᠎ ᠤ ᠵᠤᠬᠢᠶᠠᠨ ᠪᠠᠶᠢᠭᠤᠯᠤᠨ ᠡᠷᠬᠢᠯᠡᠭᠰᠡᠨ ᠸᠢᠳᠢᠣ᠋ ᠪᠤᠯᠪᠠᠰᠤᠷᠠᠯ᠂ ᠲᠤᠭᠤᠷᠢᠨ ᠶᠠᠪᠤᠵᠥ ᠰᠤᠷᠤᠯᠴᠠᠬᠤ ᠪᠤᠯᠪᠠᠰᠤᠷᠠᠯ ᠳᠤ ᠤᠷᠤᠯᠴᠠᠵᠤ᠂ ᠦᠪᠡᠷ ᠤᠨ ᠮᠠᠳᠠᠯᠬᠡ ᠮᠠᠳᠠᠴᠠ ᠪᠠᠨ ᠦᠷᠬᠡᠳᠬᠡᠡ ᠤᠨᠤᠯ ᠤᠨ ᠰᠠᠭᠤᠷᠢ ᠪᠠᠨ ᠪᠠᠲᠤᠳᠬᠠᠪᠠ᠃

  ᠶᠠᠳᠠᠭᠤ ᠠᠴᠠ ᠠᠩᠬᠢᠵᠢᠷᠠᠭᠤᠯᠬᠤ ᠲᠦᠷᠤ ᠶᠢᠨ ᠪᠤᠳᠤᠯᠭ᠎ᠠ᠂ ᠲᠦᠷᠢᠮ ᠲᠤᠭᠳᠠᠭᠠᠯ᠂ ᠠᠷᠭ᠎ᠠ ᠠᠪᠴᠠᠯ᠂ ᠪᠤᠲᠠᠲᠠᠢ ᠠᠵᠢᠯᠯᠠᠭᠠᠨ᠎ ᠤ ᠠᠯᠬᠤᠮ ᠲᠠᠷᠠᠭ᠎ᠠ ᠵᠡᠷᠭᠡ ᠶᠢ ᠰᠠᠶᠢᠳᠤᠷ ᠤᠢᠢᠯᠠᠭᠠᠪᠠᠯ ᠰᠠᠶ᠋ᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠡᠷᠴᠢᠮᠲᠠᠢ ᠬᠢᠵᠤ ᠪᠠᠶᠢᠬᠤ ᠡᠰᠡᠬᠦ ᠶᠢ ᠮᠡᠳᠡᠵᠦ᠂ ᠠᠵᠢᠯ ᠢ ᠵᠦᠪ ᠬᠢᠨᠠᠨ ᠵᠢᠯᠤᠭᠤᠳᠴᠤ ᠴᠢᠳᠠᠨ᠎ᠠ ᠬᠡᠵᠤ ᠯᠢᠤ ᠭᠧᠨ ᠵᠦ ᠶᠠᠷᠢᠨ᠎ᠠ᠃

  ᠦᠳᠡ ᠶᠢᠨ 12 ᠴᠠᠭ ᠤᠨ ᠪᠠᠷᠤᠭ ᠢᠶᠠᠷ᠂ ᠪᠢᠳᠠ ᠶᠠᠷᠢᠯᠴᠠᠠ ᠵᠤᠭᠤᠭᠳᠠᠵᠥ ᠪᠠᠶᠢᠳᠠᠯ᠎ᠠ ᠭᠠᠴᠠᠭ᠎ᠠ ᠲᠤᠰᠬᠤᠨ᠂ ᠡᠷᠦᠭᠡ ᠪᠠᠷ ᠬᠦᠨᠵᠡᠭᠡᠶᠢᠷᠡᠬᠦ ᠪᠠᠷ ᠶᠠᠪᠤᠭᠰᠠᠠ ᠲᠤᠰ ᠲᠤᠭᠤᠢᠢᠯᠠᠩ ᠤᠨ ᠨᠦᠬᠦᠬᠡ 3 ᠬᠡᠰᠢᠭᠦᠠ ᠨᠢ ᠬᠠᠷᠢᠵᠥ ᠢᠷᠡᠯ᠎ᠡ᠃ ᠬᠠᠭᠠᠰ ᠡᠳᠤᠷ ᠬᠡᠳᠦᠠ ᠭᠠᠴᠠᠭ᠎ᠠ ᠲᠤᠰᠬᠤᠨ ᠢᠶᠠᠷ ᠶᠠᠪᠤᠪᠠ︖ ᠬᠡᠵᠥ ᠦᠬᠡ ᠡᠬᠦᠰᠬᠡᠪᠠᠯ᠂ ᠬᠠᠭᠠᠰ ᠡᠳᠤᠷ ᠲᠤ ᠬᠡᠳᠤᠨ ᠵᠠᠭᠤᠨ ᠺᠢᠯᠤᠮᠧᠲᠷ ᠠᠶᠠᠯᠠᠭᠠᠳ ᠲᠦᠡᠭᠬᠡᠵᠢ 3 ᠡᠷᠤᠬᠡ ᠳᠤ ᠯᠠ ᠤᠷᠤᠯ᠎ᠠ ᠬᠡᠵᠥ ᠲᠤᠭᠤᠢᠢᠯᠠᠩ ᠤᠨ ᠲᠠᠷᠤᠭ᠎ᠠ ᠹᠠᠨ ᠰᠢ ᠬᠤᠨᠭ᠌ ᠨᠢᠭᠤᠷ ᠲᠡᠬᠡᠷᠡᠬᠢ ᠰᠢᠷᠤᠢ ᠲᠤᠭᠤᠰᠤ ᠪᠠᠨ ᠠᠷᠴᠢᠵᠥ ᠵᠦᠯᠬᠦᠬᠦ ᠶᠢᠨ ᠳᠠᠭᠠᠤ ᠶᠠᠷᠢᠨ᠎ᠠ᠃

  ᠲᠤᠰ ᠲᠤᠭᠤᠢᠢᠯᠠᠩ ᠤᠨ ᠬᠢᠨ ᠠᠳᠠ ᠢᠷᠡᠭᠰᠡᠨ ᠠᠴᠠ ᠨᠠᠰᠢ 40 ᠭᠠᠷᠤᠢ ᠡᠳᠤᠷ ᠲᠤ ᠪᠠᠯᠭᠠᠰᠤᠨ᠎ ᠤ 9 ᠭᠠᠴᠠᠭ᠎ᠠ ᠲᠤᠰᠬᠤᠨ ᠢ ᠬᠤᠶᠡᠷ ᠤᠳᠠᠭ᠎ᠠ ᠲᠤᠭᠤᠷᠢᠨ᠂ 36 ᠶᠠᠳᠠᠭᠤ ᠬᠦᠴᠢᠷᠳᠠᠯᠲᠠᠢ ᠡᠷᠤᠬᠡ ᠪᠠᠷ ᠬᠦᠨᠵᠡᠭᠡᠶᠢᠷᠡᠭᠰᠡᠨ ᠪᠠᠶᠢᠨ᠎ᠠ᠃ ᠲᠡᠳᠡ ᠭᠠᠴᠠᠭ᠎ᠠ ᠲᠤᠰᠬᠤᠨ᠂ ᠡᠷᠤᠬᠡ ᠪᠠᠷ ᠬᠦᠨᠵᠡᠭᠡᠶᠢᠷᠡᠬᠦ ᠪᠠᠷ ᠲᠠᠮᠵᠢᠨ᠂ ᠭᠠᠴᠠᠭ᠎ᠠ ᠲᠤᠰᠬᠤᠨ᠎ ᠤ ᠪᠠᠶᠢᠳᠠᠯ᠂ ᠶᠠᠳᠠᠭᠤ ᠬᠦᠴᠢᠷᠳᠡᠯᠲᠠᠢ ᠬᠦᠮᠦᠨ ᠠᠮᠠ᠂ ᠶᠠᠳᠠᠭᠤ ᠶᠢ ᠲᠡᠳᠭᠦᠬᠦ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠵᠢᠴᠢ ᠤᠯᠤᠰ ᠤᠨ ᠶᠠᠳᠠᠭᠤ ᠶᠢ ᠲᠡᠳᠭᠦᠬᠦ ᠲᠦᠷᠤ ᠶᠢᠨ ᠪᠤᠳᠤᠯᠭ᠎ᠠ᠂ ᠠᠷᠭ᠎ᠠ ᠠᠪᠴᠠᠯ᠂ ᠮᠠᠯᠴᠢᠨ᠂ ᠮᠠᠯᠵᠢᠬᠤ ᠤᠷᠤᠨ᠎ ᠤ ᠠᠮᠢ ᠠᠬᠤᠢ᠂ ᠰᠤᠷᠭᠠᠨ ᠬᠦᠮᠦᠵᠢᠯ᠂ ᠡᠮ ᠡᠮᠨᠡᠯᠭᠡ᠂ ᠴᠠᠬᠢᠯᠭᠠᠨ᠎ ᠤ ᠦᠨ᠎ᠠ᠂ ᠭᠠᠮᠰᠢᠭ ᠠᠴᠠ ᠠᠪᠤᠷᠠᠬᠤ ᠵᠡᠷᠭᠡ ᠲᠠᠯ᠎ᠠ ᠶᠢᠨ ᠪᠠᠶᠢᠳᠠᠯ ᠢ ᠤᠯᠠᠮ ᠨᠢᠭᠡ ᠠᠯᠬᠤᠮ ᠨᠠᠷᠢᠠ ᠲᠤᠳᠤᠷᠬᠠᠢ ᠤᠢᠢᠯᠠᠭᠠᠵᠡᠢ᠃ ᠡᠨᠡ ᠨᠢ ᠲᠡᠳᠡᠨ᠎ ᠤ ᠵᠢᠯᠤᠭᠤᠳᠤᠭᠴᠢ ᠪᠤᠯᠬᠤ ᠳᠤ ᠨᠠᠨᠳᠢᠨ ᠬᠦᠷᠦᠩᠭᠡ ᠪᠤᠯᠤᠨ᠎ᠠ᠃

  ᠵᠢᠯᠤᠭᠤᠳᠤᠭᠴᠢ ᠶᠢᠨ ᠬᠠᠮᠤᠭ ᠤᠨ ᠴᠢᠬᠤᠯᠠ ᠠᠵᠢᠯ ᠭᠡᠪᠡᠯ ᠪᠤᠲᠠᠲᠠᠢ ᠠᠰᠠᠭᠤᠳᠠᠯ ᠢ ᠰᠢᠢᠳᠪᠤᠷᠢᠯᠡᠬᠦ ᠳᠤ ᠪᠤᠢ᠃ ᠪᠢᠳᠡ ᠵᠦᠪᠬᠡᠨ ᠬᠢᠨᠠᠨ ᠵᠢᠯᠤᠭᠤᠳᠬᠤ ᠶᠢᠨ ᠲᠦᠯᠦᠭᠡ ᠪᠢᠰᠢ᠂ ᠬᠠᠷᠢᠠ ᠪᠤᠲᠠᠲᠠᠢ ᠠᠰᠠᠭᠤᠳᠠᠯ ᠢ ᠰᠢᠢᠳᠪᠤᠷᠢᠯᠡᠨ᠎ᠠ ᠬᠡᠵᠥ ᠲᠤᠰ ᠲᠤᠭᠤᠢᠢᠯᠠᠩ ᠤᠨ ᠨᠦᠬᠦᠬᠡ ᠬᠤᠶᠠᠷ ᠬᠡᠰᠢᠬᠦᠠ ᠬᠠᠵᠠᠭᠤ ᠠᠴᠠ ᠨᠢ ᠲᠡᠶᠢᠯᠪᠤᠷᠢᠯᠠᠨ᠎ᠠ᠃

  ᠪᠠᠶᠠᠨᠰᠢᠷᠡᠭᠡ ᠭᠠᠴᠠᠭᠠᠨ ᠳᠤ ᠬᠦᠷᠬᠦ ᠳᠤ᠂ ᠭᠠᠴᠠᠭᠠᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠵᠢᠯᠯᠠᠬᠤ ᠠᠩᠬᠢ ᠶᠢᠨ ᠬᠢᠨ ᠶᠠᠭ ᠠᠵᠢᠯ ᠳᠠᠭᠠᠨ ᠶᠠᠭᠠᠷᠠᠵᠤ ᠪᠠᠶᠢᠯ᠎ᠠ᠃ ᠭᠠᠴᠠᠭᠠᠨ ᠳᠤ ᠰᠠᠭᠤᠭ᠎ᠠ ᠨᠢᠭᠡᠳᠤᠭᠡᠷ ᠱᠦᠵᠢ ᠳ᠋ᠦᠡᠭ ᠵᠧᠨ ᠬᠦᠢ᠄ ᠬᠤᠲᠠ ᠶᠢᠨ ᠬᠢᠨᠡᠨ ᠵᠢᠯᠤᠭᠤᠳᠬᠤ ᠲᠤᠭᠤᠢᠢᠯᠠᠩ ᠤᠨ ᠬᠢᠨ ᠢᠷᠠᠵᠤ ᠬᠠᠮᠲᠤ ᠶᠢᠨ ᠠᠵᠤ ᠠᠬᠤᠢ ᠶᠢ ᠬᠡᠷᠬᠢᠨ ᠬᠦᠭᠵᠢᠭᠦᠯᠬᠦ ᠲᠤᠬᠠᠢ ᠵᠢᠯᠤᠭᠤᠳᠪᠠ᠃ ᠢᠡᠭᠬᠢᠬᠡᠳ ᠪᠢᠳᠡ 30 ᠲᠦᠮᠡᠨ ᠲᠦᠭᠦᠷᠢᠭ ᠤᠨ ᠪᠡᠯᠡ ᠤᠷᠤᠭᠤᠯᠤᠨ ᠵᠠᠮ ᠤᠨ ᠬᠠᠵᠠᠭᠤ ᠳᠤ ᠨᠢᠭᠡᠨ ᠲᠤᠮᠤ ᠵᠠᠷ ᠤᠨ ᠫᠠᠶᠢᠰᠠ ᠪᠤᠰᠬᠠᠵᠥ᠂ ᠬᠠᠮᠳᠤ ᠶᠢᠨ ᠪᠠᠯᠴᠢᠬᠡᠷ ᠢᠶᠠᠨ ᠭᠠᠳᠠᠭᠰᠢ ᠲᠦᠷᠢᠶᠠᠰᠤᠯᠡᠭᠦᠯᠦᠨ ᠤᠷᠤᠯᠭ᠎ᠠ ᠡᠬᠦᠳᠬᠦ ᠲᠦᠯᠦᠪᠯᠡᠭᠡ ᠭᠠᠷᠭᠠᠯ᠎ᠠ᠃ ᠬᠢᠨᠠᠨ ᠵᠢᠯᠤᠭᠤᠳᠬᠤ ᠲᠤᠭᠤᠢᠢᠯᠠᠩ ᠤᠨ ᠬᠢᠨ ᠦᠷᠭᠦᠯᠵᠢ ᠢᠷᠡᠵᠤ ᠮᠠᠠ᠎ ᠤ ᠠᠵᠢᠯ ᠢ ᠬᠢᠨᠠᠨ ᠵᠢᠯᠤᠭᠤᠳᠳᠠᠭ ᠭᠡᠵᠦ ᠰᠤᠷᠪᠤᠯᠵᠢᠯᠠᠭᠴᠢ ᠳᠤ ᠬᠡᠯᠡᠨ᠎ᠡ᠃

  ᠲᠤᠰ ᠲᠤᠭᠤᠢᠢᠯᠠᠩ ᠤᠨ ᠬᠢᠨ ᠠᠳᠠ ᠢᠷᠡᠭᠰᠡᠨ ᠠᠴᠠ ᠨᠠᠭᠠᠰᠢ᠂ ᠬᠡᠰᠡᠭ ᠭᠠᠴᠠᠭ᠎ᠠ ᠲᠤᠰᠬᠤᠨ᠎ ᠤ ᠨᠦᠭᠦᠴᠡᠯ ᠪᠠᠷᠤᠭᠲᠠᠢ᠂ ᠰᠠᠭᠤᠬᠤ ᠬᠡᠷ ᠨᠢ ᠲᠦᠭᠦᠮ ᠲᠦᠳᠡ᠂ ᠤᠰᠤ ᠴᠠᠬᠢᠯᠭᠠᠨ ᠦᠭᠡᠢ᠂ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠦᠴᠢᠷᠳᠠᠯ ᠶᠡᠭᠡ ᠪᠠᠶᠢᠬᠤ︔ ᠰᠠᠭᠤᠷᠢ ᠠᠵᠢᠯ ᠢ ᠯᠠᠪᠳᠠᠭᠤᠨ ᠬᠢᠭᠰᠡᠨ ᠦᠭᠡᠢ᠂ ᠲᠤᠭ᠎ᠠ ᠪᠡᠷᠢᠮᠲᠠ ᠤᠨᠤᠪᠴᠢ ᠦᠬᠡᠢ︔ ᠲᠠᠩᠰᠠᠯᠠᠵᠥ ᠺᠠᠷᠲᠯᠠᠭᠰᠠᠨ ᠶᠠᠳᠠᠭᠤ ᠬᠦᠴᠢᠷᠳᠠᠯᠲᠠᠢ ᠡᠷᠦᠭᠡ ᠶᠢᠨ ᠲᠠᠩᠰᠠ ᠲᠦᠷᠢᠮᠵᠢᠭᠡᠳᠦᠢ︔ ᠭᠠᠴᠠᠭ᠎ᠠ ᠲᠤᠰᠬᠤᠨ᠎ ᠤ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢᠨ ᠲᠦᠯᠦᠪᠯᠡᠭᠡ ᠨᠠᠷᠢᠨ ᠪᠤᠲᠠᠲᠠᠢ ᠪᠢᠰᠢ︔ ᠬᠡᠰᠡᠭ ᠭᠠᠴᠠᠭ᠎ᠠ ᠲᠤᠰᠬᠤᠨ ᠳᠤ ᠪᠠᠰᠠ ᠬᠡᠷ ᠪᠠᠶᠢᠰᠢᠩ ᠦᠭᠡᠢ ᠡᠷᠤᠬᠡ ᠪᠠᠶᠢᠬᠤ ᠵᠡᠷᠭᠡ ᠤᠯᠠᠠ ᠠᠷᠪᠢᠠ ᠪᠤᠲᠠᠲᠠᠢ ᠠᠰᠠᠭᠤᠳᠠᠯ ᠢ ᠢᠯᠡᠷᠡᠭᠦᠯᠦᠭᠰᠡᠨ ᠪᠦᠭᠡᠳ ᠬᠠᠷᠠᠭᠠᠯᠵᠠᠭᠰᠠᠨ ᠬᠡᠷᠡᠭᠵᠢᠭᠦᠯᠦᠬᠦᠰᠢᠲᠠᠢ ᠰᠢᠢᠳᠪᠤᠷᠢᠯᠡᠬᠦ ᠠᠷᠭ᠎ᠠ ᠶᠢ ᠲᠤᠷᠠᠳᠤᠭᠰᠠᠨ ᠪᠠᠶᠢᠨ᠎ᠠ᠃ ᠡᠨᠡ ᠪᠦᠬᠦᠨ ᠨᠢ ᠲᠤᠰ ᠪᠠᠯᠭᠠᠰᠤᠨ᠎ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠦᠨᠡᠨᠬᠦ ᠲᠦᠯᠬᠢᠴᠡ ᠤᠢᠢᠯᠡᠳᠤᠯ ᠦᠵᠡᠭᠦᠯᠦᠭᠰᠡᠨ ᠪᠠᠶᠢᠨ᠎ᠠ᠃

  ᠲᠤᠰ ᠲᠤᠭᠤᠢᠢᠯᠠᠩ ᠤᠨ ᠬᠢᠨ ᠢᠷᠡᠭᠰᠡᠨ᠎ ᠤ ᠲᠡᠷᠠᠭ᠎ᠠ ᠠᠷᠪᠢᠠ ᠪᠤᠲᠠᠲᠠᠢ ᠬᠦᠴᠢᠷᠳᠠᠯ ᠢ ᠰᠢᠢᠳᠪᠤᠷᠢᠯᠠᠵᠤ ᠦᠭᠭᠦᠭᠰᠡᠨ᠂ ᠲᠡᠳᠡ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠎ ᠤ ᠵᠢᠩᠬᠢᠨᠢ ᠭᠠᠷᠮᠠᠭᠠᠢ ᠵᠢᠯᠤᠭᠤᠳᠤᠭᠴᠢ ᠮᠦᠨ ᠬᠡᠵᠤ ᠪᠤᠯᠠᠭ ᠡᠷᠡᠬᠡᠢ ᠭᠠᠷᠭᠠᠨ ᠮᠠᠭᠳᠠᠵᠥ ᠪᠠᠶᠢᠯ᠎ᠠ᠃

  ᠰᠤᠷᠪᠤᠯᠵᠢᠯᠠᠭᠴᠢ ᠶᠢᠨ ᠡᠪᠤᠷ ᠲᠡᠮᠳᠡᠭᠯᠡᠯ

  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠦᠨᠳᠤᠷ ᠦᠷ᠎ᠠ ᠪᠦᠲᠦᠮᠵᠢ ᠲᠠᠢ ᠬᠢᠵᠥ ᠲᠡᠶᠢᠯᠬᠦ ᠡᠰᠡᠬᠦ ᠨᠢ ᠨᠠᠮ ᠵᠠᠰᠠᠭ ᠤᠨ ᠺᠠᠳ᠋ᠷ ᠤᠨ ᠦᠨᠡᠨᠬᠦ ᠦᠨᠳᠤᠰᠤᠨ ᠱᠠᠲᠤᠨ ᠳᠤ ᠬᠦᠨᠵᠡᠭᠡᠶᠢᠷᠡᠨ᠂ ᠡᠭᠦᠷᠭᠡ ᠬᠠᠷᠢᠭᠤᠴᠠᠯᠭ᠎ᠠ ᠪᠠᠨ ᠨᠠᠷᠢᠠ ᠬᠢᠨᠠᠮᠠᠭᠠᠢ ᠬᠦᠢᠴᠡᠳᠬᠡᠭᠰᠡᠡ ᠡᠰᠡᠬᠦ ᠲᠠᠢ ᠰᠢᠭᠤᠳ ᠬᠤᠯᠪᠤᠭᠳᠠᠯ ᠲᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠨᠡᠩ ᠰᠠᠶᠢᠨ ᠬᠢᠬᠦ ᠶᠢᠨ ᠲᠦᠯᠦᠭᠡ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ 92 ᠰᠤᠮᠤ᠂ ᠰᠢᠶᠠᠩ᠂ ᠪᠠᠯᠭᠠᠰᠤᠨ ᠳᠤ ᠬᠢᠨᠠᠨ ᠵᠢᠯᠤᠭᠤᠳᠬᠤ ᠲᠤᠭᠤᠢᠢᠯᠠᠩ ᠲᠤᠮᠢᠯᠠᠪᠠ᠃ ᠪᠠᠶᠠᠨᠴᠤᠭᠲᠤ ᠪᠠᠯᠭᠠᠰᠤᠨ ᠳᠤ ᠰᠠᠭᠤᠭ᠎ᠠ 47 ᠳ᠋ᠤᠭᠠᠷ ᠬᠢᠨᠠᠨ ᠵᠢᠯᠤᠭᠤᠳᠬᠤ ᠲᠤᠭᠤᠢᠢᠯᠠᠩ ᠤᠨ ᠬᠢᠨ ᠪᠠᠯᠭᠠᠰᠤᠨ ᠳᠤ ᠢᠷᠡᠭᠰᠡᠨ ᠡᠳᠤᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠢᠢᠯᠠᠨ᠂ ᠠᠵᠢᠯ ᠳᠤ ᠪᠠᠨ ᠬᠠᠳᠠᠭᠤᠵᠢᠯᠳᠠᠢ ᠰᠢᠮᠳᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠢᠢᠳᠪᠤᠷᠢᠯᠠᠨ᠂ ᠰᠠᠭᠤᠭ᠎ᠠ ᠭᠠᠵᠠᠷ ᠤᠨ ᠢᠶᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠲᠦᠯᠬᠢᠴᠡ ᠤᠢᠢᠯᠡᠳᠤᠯ ᠦᠵᠡᠭᠦᠯᠵᠤ᠂ ᠦᠪᠡᠷ ᠤᠨ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠠ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ᠎ ᠤ ᠮᠠᠭᠲᠠᠭᠠᠯ ᠰᠠᠶᠢᠰᠢᠶᠠᠯ ᠢ ᠤᠯᠵᠤ ᠪᠤᠢ᠃

  ᠬᠠᠮᠢᠶ᠎ᠠ ᠪᠦᠬᠦᠢ ᠬᠤᠯᠪᠤᠭᠠᠰᠤ

  ᠪᠠᠶᠠᠨᠴᠤᠭᠲᠤ ᠪᠠᠯᠭᠠᠰᠤ ᠶᠢᠨ ᠨᠤᠳᠤᠭ ᠲᠡᠪᠢᠰᠬᠡᠷ ᠤᠨ ᠲᠠᠯᠠᠪᠠᠢ 2950 ᠲᠡᠭᠰᠢ ᠲᠦᠷᠪᠡᠯᠵᠢᠨ ᠺᠢᠯᠤᠮᠧᠲᠷ᠂ ᠬᠠᠷᠢᠶᠠᠨ ᠳᠤ ᠨᠢ 9 ᠭᠠᠴᠠᠭ᠎ᠠ 1 ᠨᠠᠶᠢᠭᠡᠮ ᠲᠤᠭᠤᠷᠢᠭ ᠲᠠᠢ᠃ ᠪᠠᠶᠢᠡᠭᠭᠤ ᠰᠠᠭᠤᠭ᠎ᠠ ᠬᠦᠮᠦᠨ ᠠᠮᠠ 7800 ᠭᠠᠷᠤᠢ᠃ 2016 ᠤᠨ᠎ ᠤ 12 ᠰᠠᠷ᠎ᠠ ᠳᠤ ᠶᠠᠳᠠᠭᠤ ᠬᠦᠴᠢᠷᠳᠠᠯᠲᠠᠢ ᠡᠷᠤᠬᠡ 170᠂ ᠬᠦᠮᠦᠨ ᠠᠮᠠ 415 ᠪᠠᠶᠢᠵᠠᠢ᠃ ᠨᠢᠳᠤᠨᠤᠠ ᠬᠤᠶᠠᠷ ᠤᠳᠠᠭ᠎ᠠ ᠬᠦᠳᠡᠯᠦᠩᠭᠦᠢ ᠲᠤᠬᠢᠷᠠᠭᠤᠯᠤᠯᠲᠠ ᠬᠢᠭᠰᠡᠨ᠎ ᠤ ᠲᠠᠷᠠᠭ᠎ᠠ 105 ᠡᠷᠤᠬᠡ ᠶᠢᠨ 259 ᠬᠦᠮᠦᠨ ᠶᠠᠳᠠᠭᠤ ᠠᠴᠠ ᠪᠠᠨ ᠠᠩᠬᠢᠵᠢᠷᠠᠵᠤ᠂ ᠶᠠᠳᠠᠭᠤ ᠠᠴᠠ ᠠᠩᠬᠢᠵᠢᠷᠠᠭᠠᠳᠤᠢ ᠨᠢ 68 ᠡᠷᠤᠬᠡ ᠶᠢᠨ 158 ᠬᠦᠮᠤᠨ ᠪᠤᠯᠵᠠᠢ᠃ ᠶᠠᠳᠠᠭᠤ ᠠᠴᠠ ᠠᠩᠬᠢᠵᠢᠷᠠᠭᠤᠯᠬᠤ ᠠᠷᠭ᠎ᠠ ᠠᠪᠴᠠᠯ ᠤᠨ ᠲᠠᠯ᠎ᠠ ᠪᠠᠷ᠂ ᠪᠠᠶᠠᠨᠴᠤᠭᠲᠤ ᠪᠠᠯᠭᠠᠰᠤ ᠠᠵᠤ ᠤᠢᠢᠯᠡᠰ ᠢ ᠭᠦᠭᠵᠢᠭᠦᠯᠬᠦ ᠲᠡᠭᠡᠷ᠎ᠠ ᠬᠦᠴᠦ ᠪᠠᠨ ᠲᠠᠯᠪᠢᠵᠤ᠂ ᠲᠠᠭᠠᠭᠤᠯᠤᠭᠴᠢ ᠬᠤᠷᠰᠢᠶ᠎ᠠ + ᠤᠨᠢᠨ ᠲᠡᠭᠡᠷ᠎ᠠ ᠨᠢ ᠶᠠᠳᠠᠭᠤ ᠶᠢ ᠲᠡᠳᠭᠦᠬᠦ ᠡᠷᠤᠬᠡ ᠵᠠᠭᠪᠤᠷ ᠢᠶᠠᠷ ᠦᠨᠳᠤᠷ ᠦᠷ᠎ᠠ ᠠᠰᠢᠭᠲᠤ ᠮᠠᠯ ᠠᠵᠤ ᠠᠬᠤᠢ ᠶᠢ ᠬᠦᠭᠵᠢᠬᠦᠯᠬᠦ ᠪᠠᠷ ᠵᠠᠰᠠᠭ ᠪᠠᠩᠬᠢ ᠠᠵᠤ ᠠᠬᠤᠢᠢᠯᠠᠯ ᠬᠤᠷᠰᠢᠵᠤ ᠶᠠᠳᠠᠭᠤ ᠬᠦᠴᠢᠷᠳᠠᠯᠲᠠᠢ ᠡᠷᠤᠬᠡ ᠪᠠᠩᠬᠢ ᠠᠴᠠ ᠵᠤᠭᠤᠰ ᠵᠢᠭᠡᠯᠡᠨ ᠠᠵᠤ ᠠᠬᠤᠢᠢᠯᠠᠯ ᠳᠤ ᠬᠤᠪᠢ ᠤᠷᠤᠵᠤ ᠠᠰᠢᠭ ᠬᠤᠪᠢᠶᠠᠷᠢᠯᠠᠬᠤ ᠵᠡᠷᠭᠡ ᠠᠷᠭ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠡᠷᠴᠢᠮᠲᠠᠢ ᠶᠠᠪᠤᠭᠳᠠᠭᠤᠯᠵᠥ ᠪᠠᠶᠢᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com