ᠯᠢ ᠵᠢᠢ ᠾᠧᠩ ᠳᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠰᠡᠳᠦᠪᠳᠤ ᠳᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠲᠤᠭᠤᠶᠢᠯᠠᠩ ᠤᠨ ᠬᠤᠷᠠᠯ ᠵᠢᠴᠢ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠭᠦᠭᠦ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠭᠤᠷᠪᠠᠳᠤᠭᠠᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ

  7 ᠰᠠᠷ᠎ᠠ ᠶᠢᠨ 19᠎ ᠤ ᠦᠳᠡ ᠶᠢᠨ ᠬᠤᠶᠢᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠳᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠳᠦᠷᠦᠯ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠢᠢᠯᠠᠩ ᠤᠨ ᠬᠤᠷᠠᠯ ᠵᠢᠴᠢ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠭᠤᠷᠪᠠᠳᠤᠭᠠᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃

  ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠶᠠᠩ ᠸᠧᠢ ᠳ᠋ᠦᠩ᠂ ᠵᠠᠩ ᠱᠤᠤ ᠴᠦᠨ᠂ ᠯᠢ ᠪᠢᠩ ᠷᠦᠩ ᠬᠤᠷᠠᠯ ᠳᠤ ᠤᠷᠤᠯᠴᠠᠪᠠ᠃

  ᠬᠤᠷᠠᠯ ᠠᠴᠠ ᠳᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠲᠦᠷᠦᠯ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠮᠡᠳᠡᠬᠦᠯᠦᠯᠳᠡ ᠶᠢ ᠰᠤᠨᠤᠰᠴᠤ᠂ 2018 ᠤᠨ ᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠮᠵᠢ ᠶᠢ ᠰᠢᠯᠭᠠᠨ ᠦᠨᠡᠯᠡᠵᠤ ᠵᠢᠭᠠᠵᠥ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠮᠡᠳᠡᠬᠦᠯᠦᠯᠳᠡ᠂ ᠦᠪᠡᠷᠳᠡᠬᠡᠨ ᠵᠠᠰᠠᠬᠤ ᠤᠷᠤᠨ ᠤ ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠵᠢᠯ ᠤᠨ ᠳᠦᠰᠦᠯ᠎ ᠢ ᠬᠢᠨᠠᠨ ᠵᠦᠪᠯᠡᠭᠰᠡᠨ ᠪᠦᠬᠡᠳ ᠵᠠᠷᠴᠢᠮ ᠳᠡᠬᠡᠷ᠎ᠡ ᠪᠠᠨ ᠪᠠᠳᠤᠯᠠᠪᠠ᠃

  ᠯᠢ ᠵᠢᠢ ᠾᠧᠩ᠂ ᠶᠡᠷᠤᠩᠭᠡᠢ ᠱᠦᠵᠢ ᠰᠢ ᠶᠢᠨ ᠫᠢᠩ ᠮᠠᠨ ᠤ ᠤᠷᠤᠨ ᠳᠤ ᠰᠢᠨᠵᠢᠯᠠᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠬᠦ ᠳᠤ ᠦᠭᠭᠦᠭᠰᠡᠨ ᠴᠢᠬᠤᠯᠠ ᠵᠢᠭᠠᠪᠤᠷᠢ ᠨᠢ ᠲᠦᠢᠯ ᠤᠨ ᠴᠢᠩᠭ᠎ᠠ ᠬᠠᠨᠳᠤᠯᠭᠠᠳᠤ ᠴᠢᠨᠠᠷ ᠪᠠ ᠵᠢᠯᠤᠭᠤᠳᠬᠤ ᠴᠢᠨᠠᠷ ᠲᠠᠢ ᠶᠤᠮ᠂ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠰᠤᠳᠠᠯ ᠢ ᠤᠨᠤᠪᠴᠢᠳᠠᠢ ᠪᠠᠷᠢᠵᠤ᠂ ᠤᠨᠤᠪᠴᠢᠳᠠᠢ ᠵᠢᠭᠠᠨ ᠵᠢᠯᠤᠭᠤᠳᠤᠯᠭ᠎ᠠ ᠬᠢᠭᠰᠡᠨ ᠶᠠᠪᠤᠳᠠᠯ ᠪᠤᠯᠬᠤ ᠶᠤᠮ᠃ ᠪᠢᠳᠡ ᠤᠭ ᠰᠠᠨᠠᠭ᠎ᠠ ᠪᠠᠨ ᠦᠯᠤ ᠮᠡᠷᠳᠡᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠠᠭᠡᠵᠢᠯᠡᠬᠦ ᠭᠤᠤᠯ ᠰᠡᠳᠦᠪᠳᠤ ᠬᠦᠮᠦᠵᠢᠯ ᠦᠷᠨᠢᠬᠦᠯᠬᠦ ᠲᠠᠢ ᠤᠶᠠᠯᠳᠤᠭᠤᠯᠵᠤ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠦᠨᠡᠨ ᠬᠦ ᠬᠦᠨᠵᠡᠭᠡᠢ ᠰᠤᠷᠤᠯᠴᠠᠨ ᠨᠡᠪᠳᠡᠷᠡᠳᠡᠯ᠎ᠡ ᠤᠢᠢᠯᠠᠭᠠᠵᠤ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠭᠡᠷᠡᠭ ᠶᠠᠪᠤᠳᠠᠯ᠂ ᠴᠢᠬᠤᠯᠠ ᠶᠡᠭᠡ ᠠᠷᠭ᠎ᠠ ᠪᠤᠳᠤᠯᠭ᠎ᠠ ᠶᠢ ᠰᠤᠳᠤᠯᠬᠤ ᠲᠤᠮᠳᠠ ᠢᠯᠡᠷᠡᠬᠦᠯᠵᠤ᠂ ᠡᠯ᠎ᠡ ᠱᠠᠳᠤᠨ ᠤ ᠠᠵᠢᠯ ᠢᠶᠠᠨ ᠦᠷᠨᠢᠬᠦᠯᠬᠦ ᠶᠢ ᠱᠠᠯᠠᠪᠳᠠᠭᠤᠯᠤᠨ ᠠᠬᠢᠭᠤᠯᠬᠤ ᠲᠤᠮᠳᠠ ᠨᠠᠶᠢᠳᠠᠪᠤᠷᠢᠵᠢᠭᠤᠯᠵᠤ᠂ ᠪᠦᠬᠦ ᠤᠷᠤᠨ ᠤ ᠪᠤᠭᠤᠮᠳᠠ ᠰᠢᠪᠳᠤᠯᠬᠤ ᠰᠢᠢᠳᠪᠤᠷᠢᠳᠤ ᠳᠠᠶᠢᠯᠠᠯᠳᠤᠭᠠᠨ ᠤ ᠵᠦᠪ ᠴᠢᠭᠯᠡᠯ ᠲᠠᠶᠢᠰᠢ ᠤᠷᠤᠭᠰᠢᠯᠠᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃

  ᠯᠢ ᠵᠢᠢ ᠾᠧᠩ᠂ ᠲᠦᠪ ᠤᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠪᠤᠯᠤᠨ ᠠᠵᠢᠯ ᠤᠨ ᠦᠷ᠎ᠠ ᠪᠦᠲᠦᠮᠵᠢ ᠶᠢ ᠬᠢᠨᠠᠨ ᠰᠢᠯᠭᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠠᠬᠢᠭᠤᠯᠵᠤ᠂ ᠲᠦᠷᠦᠭᠦᠯᠡᠨ ᠬᠢᠬᠦ ᠡᠯ᠎ᠠ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠠ ᠬᠠᠷᠢᠭᠤᠴᠠᠯᠭᠠᠲᠤ ᠰᠠᠯᠠᠭ᠎ᠠ ᠮᠦᠴᠢᠷ ᠵᠤᠬᠢᠴᠠᠭᠤᠯᠵᠤ ᠬᠤᠯᠪᠤᠭᠠᠯᠠᠨ ᠬᠦᠳᠡᠯᠦᠯᠴᠡᠬᠦ ᠪᠠᠨ ᠴᠢᠩᠭᠠᠳᠬᠠᠵᠤ᠂ ᠲᠤᠰᠬᠠᠢ ᠳᠦᠷᠦᠯ ᠤᠨ ᠲᠤᠭᠤᠷᠢᠨ ᠪᠠᠶᠢᠴᠠᠭᠠᠯᠳᠠ ᠴᠡᠭᠴᠡᠯᠡᠨ ᠰᠠᠶᠢᠵᠢᠷᠠᠭᠤᠯᠤᠯᠳᠠ ᠶᠢᠨ ᠠᠵᠢᠯ ᠤᠨ ᠤᠳᠤᠷᠢᠳᠬᠤ ᠳᠤᠭᠤᠢᠢᠯᠠᠩ ᠤᠨ ᠨᠢᠭᠡ ᠠᠯᠪᠠᠨ ᠭᠡᠷ ᠭᠤᠷᠪᠠᠨ ᠳᠤᠭᠤᠢᠢᠯᠠᠩ ᠵᠤᠬᠢᠴᠠᠭᠤᠯᠵᠤ ᠱᠠᠯᠠᠪᠳᠠᠭᠤᠯᠤᠨ ᠵᠢᠯᠤᠭᠤᠳᠬᠤ ᠪᠠᠨ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠵᠤ ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠡᠯ᠎ᠠ ᠠᠬᠢᠭᠤᠯᠬᠤ ᠳᠤᠭᠤᠢᠢᠯᠠᠩ ᠤᠨ ᠪᠦᠷᠢᠯᠳᠦᠭᠦᠨ ᠨᠢᠭᠡᠴᠢ ᠲᠤᠰᠬᠠᠢ ᠲᠤᠭᠤᠷᠢᠨ ᠪᠠᠶᠢᠴᠠᠭᠠᠯᠲᠠ ᠪᠤᠯᠤᠨ ᠠᠵᠢᠯ ᠤᠨ ᠦᠷ᠎ᠠ ᠪᠦᠲᠦᠮᠵᠢ ᠶᠢ ᠬᠢᠨᠠᠨ ᠰᠢᠯᠭᠠᠵᠤ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠠᠵᠢᠯ ᠲᠦᠷᠦᠯ ᠤᠨ ᠰᠢᠰᠲᠧᠮ ᠤᠨ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠤᠭᠠᠯᠠᠠ ᠬᠦᠳᠡᠯᠦᠯᠴᠡᠵᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠵᠢᠭᠠᠨ ᠵᠢᠯᠤᠭᠤᠳᠴᠤ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠯᠢ ᠵᠢᠢ ᠡᡁᠧᠩ᠂ ᠲᠦᠪ ᠤᠨ ᠪᠠ ᠦᠪᠡᠷᠲᠡᠭᠡᠡ ᠵᠠᠰᠠᠬᠤ ᠤᠷᠤᠨ ᠠᠴᠠ ᠲᠤᠭᠲᠠᠭᠠᠭᠰᠠᠠ ᠬᠤᠯᠪᠤᠭᠲᠠᠯ ᠪᠦᠬᠦᠢ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠠ ᠪᠤᠯ ᠶᠠᠲᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠬᠦ ᠶᠢᠨ ᠴᠢᠬᠤᠯᠠ ᠦᠨᠳᠦᠰᠦᠯᠡᠯ ᠪᠠ ᠪᠠᠲᠤᠯᠠᠭ᠎ᠠ ᠮᠦᠨ᠂ ᠪᠤᠲᠠᠲᠠᠢ ᠳᠤ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢ ᠪᠦᠬᠦ ᠬᠦᠴᠤ ᠪᠠᠷ ᠢᠶᠠᠨ ᠠᠬᠢᠭᠤᠯᠬᠤ ᠬᠡᠷᠡᠭᠲᠡᠢ᠃ ᠦᠪᠡᠷᠲᠡᠭᠡᠡ ᠵᠠᠰᠠᠬᠤ ᠤᠷᠤᠨ ᠤ ᠶᠠᠲᠠᠭᠤ ᠶᠢ ᠲᠡᠳᠭᠦᠬᠦ ᠨᠡᠭᠡᠭᠡᠡ ᠬᠦᠭᠵᠢᠭᠦᠯᠬᠦ ᠠᠵᠢᠯ ᠤᠨ ᠤᠲᠤᠷᠢᠳᠬᠤ ᠲᠤᠭᠤᠢᠢᠯᠠᠩ ᠤᠨ ᠡᠯ᠎ᠠ ᠪᠦᠷᠢᠯᠲᠦᠭᠦᠨ ᠨᠢᠭᠡᠴᠢ ᠨᠠᠷᠢᠨ ᠬᠢᠨᠠᠮᠠᠭᠠᠢ ᠡᠮᠬᠢᠯᠡᠡ ᠰᠤᠲᠤᠯᠵᠦ᠂ ᠪᠠᠷᠢᠮᠵᠢᠶ᠎ᠠ ᠱᠠᠭᠠᠷᠲᠠᠯᠭ᠎ᠠ ᠶᠢ ᠡᠵᠡᠮᠲᠡᠠ᠂ ᠬᠦᠨᠵᠡᠭᠡᠢ ᠠᠬᠢᠭᠤᠯᠤᠨ ᠬᠡᠷᠡᠭᠵᠢᠭᠦᠯᠬᠦ ᠬᠡᠷᠡᠭᠲᠡᠢ᠃ ᠲᠤᠰ ᠬᠦᠷᠢᠶ᠎ᠠ ᠬᠡᠪᠴᠢᠶ᠎ᠠ ᠶᠢᠨ ᠶᠠᠲᠠᠭᠤ ᠶᠢ ᠲᠡᠳᠭᠦᠬᠦ ᠶᠠᠲᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠲᠤᠯᠭ᠎ᠠ ᠶᠢᠨ ᠭᠡᠷᠡᠭᠵᠢᠭᠦᠯᠦᠯᠲᠡ ᠳ᠋ᠤ᠋ ᠬᠤᠯᠪᠤᠭᠲᠠᠬᠤ ᠪᠠᠶᠢᠴᠠᠭᠠᠠ ᠰᠤᠲᠤᠯᠤᠯᠲᠠ ᠵᠢᠭᠠᠠ ᠵᠢᠯᠤᠭᠤᠲᠤᠯᠭ᠎ᠠ ᠪᠠᠨ ᠴᠢᠩᠭᠠᠳᠬᠠᠵᠦ᠂ ᠲᠦᠷᠦ ᠶᠢᠨ ᠪᠤᠲᠤᠯᠭ᠎ᠠ ᠶᠢᠨ ᠭᠡᠷᠡᠭᠵᠢᠭᠦᠯᠦᠯᠲᠡ ᠲᠤᠮᠲᠠ ᠢᠯᠡᠷᠡᠵᠦ ᠮᠡᠲᠡᠬᠦ ᠬᠠᠷᠰᠢ ᠰᠠᠭᠠᠳ ᠬᠠᠰᠤᠭᠳᠠᠯ ᠪᠠ ᠨᠡᠮᠡᠭᠳᠠᠯ ᠵᠡᠷᠭᠡ ᠠᠰᠠᠭᠤᠲᠠᠯ ᠢ ᠦᠨᠡᠡ ᠬᠦ ᠠᠷᠢᠯᠭᠠᠬᠤ ᠭᠡᠷᠡᠭᠲᠡᠢ᠃ ᠤᠲᠤᠷᠢᠳᠬᠤ ᠲᠤᠭᠤᠢᠢᠯᠠᠩ ᠤᠨ ᠠᠯᠪᠠᠠ ᠭᠡᠷ ᠰᠠᠶᠢᠲᠤᠷ ᠪᠠᠶᠢᠴᠠᠭᠠᠠ ᠰᠤᠲᠤᠯᠤᠯᠲᠠ ᠬᠢᠵᠦ᠂ ᠲᠦᠷᠦ ᠶᠢᠨ ᠪᠤᠲᠤᠯᠭ᠎ᠠ ᠶᠢᠨ ᠭᠡᠷᠡᠭᠵᠢᠭᠦᠯᠦᠯᠲᠡ ᠶᠢᠨ ᠪᠠᠶᠢᠲᠠᠯ ᠪᠤᠯᠤᠨ ᠭᠡᠷᠡᠭᠵᠢᠭᠦᠯᠦᠭᠰᠡᠡ ᠦᠷ᠎ᠠ ᠪᠦᠲᠦᠮᠵᠢ ᠶᠢ ᠨᠢᠭᠲᠠ ᠠᠩᠬᠠᠷᠴᠤ᠂ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠬᠤ ᠶᠠᠪᠤᠴᠠ ᠳᠤ ᠢᠯᠡᠷᠡᠭᠰᠡᠡ ᠠᠰᠠᠭᠤᠲᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com