7 ᠰᠠᠷ᠎ᠠ ᠶᠢᠨ 22 ᠤᠨ ᠡᠳᠦᠷ ᠠᠴᠠ 23 ᠤ ᠡᠳᠦᠷ ᠪᠤᠯᠳᠠᠯ᠎ᠠ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠢᠢᠯᠡᠩ ᠤᠨ ᠳᠡᠳ᠋ ᠱᠦᠵᠢ ᠰᠢᠨ ᠴᠦᠨ ᠶᠢᠩ ᠪᠦᠯᠬᠦᠮ ᠳᠠᠭᠠᠭᠤᠯᠤᠨ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠳᠤᠬᠳᠠᠬᠰᠠᠨ ᠴᠡᠭ ᠢᠶᠠᠷ ᠶᠠᠳᠠᠭᠤ ᠬᠦᠴᠢᠷᠳᠡᠯᠳᠠᠢ ᠬᠤᠰᠢᠭᠤ ᠰᠢᠶᠡᠨ ᠢ ᠬᠠᠪᠰᠤᠷᠤᠨ ᠳᠡᠳᠬᠦᠬᠦ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠤᠨᠡᠳᠦ ᠬᠤᠰᠢᠭᠤᠨ ᠳᠤ ᠢᠷᠡᠵᠦ᠂ ᠤᠬ ᠰᠠᠨᠠᠭ᠎ᠠ ᠪᠠᠨ ᠦᠯᠦ ᠮᠠᠷᠳᠠᠵᠦ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠭᠤᠤᠯ ᠰᠡᠳᠦᠪᠳᠦ ᠬᠦᠮᠦᠵᠢᠯ ᠯᠦᠭᠡ ᠤᠶᠠᠯᠳᠤᠭᠤᠯᠤᠨ᠂ ᠤᠨᠢᠨ ᠳᠡᠬᠡᠷ᠎ᠠ ᠨᠢ ᠶᠠᠳᠠᠭᠤ ᠶᠢ ᠳᠡᠳᠬᠦᠬᠦ ᠠᠵᠢᠯ ᠤᠨ ᠳᠠᠯ᠎ᠠ ᠪᠠᠷ ᠳᠤᠰᠬᠠᠢ ᠰᠡᠳᠦᠪᠳᠦ ᠪᠠᠶᠢᠴᠠᠭᠠᠨ ᠰᠤᠳᠤᠯᠤᠯᠳᠠ ᠬᠢᠵᠡᠢ᠃
ᠦᠪᠡᠷᠳᠡᠬᠡᠨ ᠵᠠᠰᠠᠬᠤ ᠤᠷᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠨᠠᠰᠤᠨᠮᠦ᠋ᠩᠬᠡ ᠪᠠᠷ᠎ᠠ ᠪᠤᠯᠵᠦ ᠪᠠᠶᠢᠴᠠᠭᠠᠨ ᠰᠤᠳᠤᠯᠤᠬᠰᠠᠨ ᠤ ᠬᠠᠮᠳᠤ ᠶᠠᠷᠢᠯᠴᠠᠬᠤ ᠬᠤᠷᠠᠯ ᠢ ᠡᠷᠬᠢᠯᠡᠪᠡ᠂ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠳᠤᠭᠤᠢᠢᠯᠡᠩ ᠤᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠢᠢᠯᠡᠩ ᠤᠨ ᠪᠦᠷᠢᠯᠳᠦᠬᠦᠨ ᠷᠸᠠ ᠵᠢᠶᠡᠨ ᠬᠤᠸᠠ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠢᠢᠯᠡᠩ ᠤᠨ ᠬᠡᠰᠢᠬᠦᠨ ᠬᠦ᠋ ᠰᠢᠶᠤᠤ ᠢᠤᠢ ᠪᠠᠶᠢᠴᠠᠭᠠᠨ ᠰᠤᠳᠤᠯᠬᠤ ᠪᠡ ᠶᠠᠷᠢᠯᠴᠠᠬᠤ ᠬᠤᠷᠠᠯ ᠳᠤ ᠤᠷᠤᠯᠴᠠᠪᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠡᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠱᠢ ᠸᠧᠠ ᠰᠢᠤᠸᠠᠢ ᠪᠠᠷ᠎ᠠ ᠪᠤᠯᠵᠦ ᠪᠠᠶᠢᠴᠠᠭᠠᠨ ᠰᠤᠳᠤᠯᠪᠠ᠃
ᠰᠢᠨ ᠴᠦᠨ ᠶᠢᠩ ᠨᠠᠷ ᠤᠷᠢᠳ ᠬᠤᠵᠢᠳ ᠬᠡᠰᠡᠭ ᠶᠠᠳᠠᠭᠤ ᠬᠦᠴᠢᠷᠳᠡᠯᠳᠡᠢ ᠳᠤᠰᠬᠤᠨ ᠪᠤᠯᠤᠨ ᠬᠠᠮᠢᠶ᠎ᠠ ᠪᠦᠬᠦᠢ ᠠᠵᠦ ᠠᠬᠤᠢᠢᠯᠡᠯ ᠢᠶᠠᠷ ᠬᠦᠷᠴᠦ᠂ ᠶᠠᠳᠠᠭᠤ ᠬᠦᠴᠢᠷᠳᠡᠯᠳᠡᠢ ᠤᠯᠠᠨ ᠳᠦᠮᠡᠨ ᠢ ᠡᠷᠬᠢᠨ ᠦᠵᠡᠵᠦ ᠪᠤᠯᠭᠤᠭᠠᠨ ᠳᠤᠬᠤᠨᠢᠭᠤᠯᠤᠬᠰᠠᠨ ᠤ ᠬᠠᠮᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠳᠠᠯ᠎ᠠ ᠪᠠᠷ ᠳᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠤᠯᠭ᠎ᠠ ᠬᠢᠵᠡᠢ᠃
ᠰᠢᠨ ᠴᠦᠨ ᠶᠢᠩ᠂ 2015 ᠤᠨ ᠤ 11 ᠰᠠᠷ᠎ᠠ ᠳᠤ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠠᠴᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠳᠡᠮᠡᠴᠡᠨ ᠤᠯᠬᠤ ᠳᠠᠯ᠎ᠠ ᠪᠠᠷ ᠪᠠᠶᠢᠷᠢᠯᠠᠭᠤᠯᠤᠯᠳᠠ ᠬᠢᠭᠰᠡᠨ ᠢᠶᠠᠷ᠂ ᠪᠦᠬᠦ ᠤᠯᠤᠰ ᠤᠨ ᠬᠡᠪᠴᠢᠶᠡᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠦᠷᠨᠢᠨ ᠶᠠᠪᠤᠬᠳᠠᠵᠠᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠡ᠂ ᠬᠤᠷᠢᠶᠠᠨ ᠲᠠᠷᠤᠭ᠎ᠠ ᠯᠢ ᠵᠠᠨ ᠱᠤ᠋᠂ ᠲᠡᠳ᠋ ᠬᠤᠷᠢᠶᠠᠨ ᠲᠡᠷᠤᠭ᠎ᠠ ᠸᠠᠩ ᠴᠧᠨ ᠤᠯᠠᠨ ᠤᠳᠠᠭ᠎ᠠ ᠴᠢᠬᠤᠯᠠ ᠴᠤᠬᠤᠯᠠᠪᠤᠷᠢ ᠵᠢᠭᠠᠪᠤᠷᠢ ᠦᠭᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠬᠦᠴᠦᠨ ᠨᠠᠮᠠᠷᠢᠯᠠᠬᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠪᠠ᠃ ᠭᠤᠷᠪᠡᠨ ᠵᠢᠯ ᠤᠨ ᠲᠤᠷᠰᠢ᠂ ᠡᠯ᠎ᠡ ᠲᠠᠯ᠎ᠡ ᠶᠢᠨ ᠬᠠᠮᠳᠤ ᠶᠢᠨ ᠴᠢᠷᠮᠠᠶᠢᠯᠭ᠎ᠠ ᠲᠤᠤᠷ᠎ᠡ᠂ ᠴᠠᠬᠠᠷ ᠪᠠᠷᠠᠭᠤᠨ ᠭᠠᠷᠤᠨ ᠡᠮᠤᠨᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠪᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠴᠢᠬᠤᠯᠠ ᠠᠬᠢᠴᠠ ᠲᠠᠢ ᠪᠤᠯᠵᠤ᠂ ᠶᠠᠳᠠᠭᠤ ᠠᠴᠠ ᠠᠩᠭᠢᠵᠢᠷᠠᠬᠤ ᠨᠦᠬᠦᠴᠡᠯ ᠨᠢᠭᠡᠨᠳᠠ ᠪᠦᠷᠢᠯᠳᠦᠵᠠᠢ ᠭᠡᠵᠤ ᠵᠢᠭᠠᠵᠤ ᠭᠠᠷᠭᠠᠪᠠ᠃
ᠰᠢᠨ ᠴᠦᠨ ᠶᠢᠩ᠂ ᠶᠡᠷᠤᠩᠭᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠬᠦᠨᠵᠡᠭᠡᠢ ᠰᠤᠷᠤᠯᠴᠠᠨ ᠤᠢᠢᠯᠠᠭᠠᠵᠤ᠂ ᠬᠠᠷᠢᠭᠤᠴᠠᠯᠭᠠᠳᠤ ᠰᠡᠳᠬᠢᠯᠭᠡ᠂ ᠡᠬᠦᠷᠭᠡᠳᠤ ᠪᠤᠳᠤᠯ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠭᠡᠷᠡᠭᠳᠠᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠭᠤᠤᠯᠳᠠᠯᠭ᠎ᠠ ᠲᠠᠢ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠵᠢᠯ ᠤᠨ ᠪᠤᠳᠠᠳᠤ ᠦᠷ᠎ᠡ ᠪᠦᠳᠦᠮᠵᠢ ᠶᠢ ᠦᠨᠡᠨ ᠬᠦ ᠲᠡᠭᠡᠭᠰᠢᠯᠡᠬᠦᠯᠬᠦ ᠭᠡᠷᠡᠭᠳᠠᠢ᠃ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠰᠢᠨᠡᠴᠢᠯᠡᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠲᠠᠰᠤᠷᠠᠯᠳᠠ ᠦᠭᠡᠢ ᠬᠦᠭᠵᠢᠨ ᠪᠤᠵᠠᠭᠠᠢᠢᠷᠠᠬᠤ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
ᠨᠠᠰᠦᠨᠮᠦ᠋ᠡᠭᠭᠡ᠂ ᠲᠠᠷᠠᠭᠠᠴᠢ ᠶᠢᠨ ᠠᠯᠬᠤᠮ ᠳᠤ ᠪᠢᠳᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠯᠭᠠᠨ ᠪᠠᠶᠢᠴᠠᠭᠠᠵᠤ ᠰᠢᠯᠭᠠᠨ ᠠᠪᠬᠤ ᠡᠮᠤᠨᠠᠬᠢ ᠬᠤᠭᠤᠴᠠᠭᠠᠨ ᠤ ᠪᠠᠯᠡᠳᠭᠡᠯ ᠠᠵᠢᠯ ᠢᠶᠠᠨ ᠰᠠᠶᠢᠳᠤᠷ ᠬᠢᠵᠤ᠂ ᠰᠢᠢᠳᠪᠤᠷᠢᠳᠤ ᠲᠠᠶᠢᠯᠠᠯᠳᠤᠭᠠᠨ ᠬᠢᠵᠤ ᠰᠢᠢᠳᠪᠤᠷᠢᠳᠤ ᠢᠯᠠᠯᠳᠠ ᠤᠯᠵᠤ᠂ ᠪᠦᠬᠦ ᠬᠦᠴᠦᠨ ᠢᠶᠠᠷ ᠢᠶᠠᠨ ᠲᠡᠮᠡᠴᠡᠵᠤ ᠨᠢᠭᠡ ᠯᠡ ᠤᠳᠠᠭ᠎ᠠ ᠳᠤ ᠰᠢᠯᠭᠠᠨ ᠠᠪᠬᠤ ᠶᠢ ᠦᠡᠭᠭᠡᠷᠡᠬᠦᠯᠬᠦ ᠭᠡᠷᠡᠭᠳᠠᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠨᠡ ᠬᠦ ᠦᠨᠳᠦᠰᠤᠨ ᠵᠦᠢᠯ ᠢ ᠴᠦᠬᠦᠷᠡᠰᠢ ᠦᠭᠡᠢ ᠰᠠᠶᠢᠳᠤᠷ ᠠᠳᠬᠤᠵᠤ᠂ ᠶᠠᠳᠠᠭᠤ ᠶᠢ ᠲᠡᠳᠬᠦᠬᠦ ᠲᠦᠷᠦᠯ ᠵᠦᠢᠯ᠂ ᠡᠵᠨᠩᠨᠡᠯᠳᠠ ᠶᠢᠨ ᠭᠤᠤᠯ ᠴᠤᠬᠴᠠ ᠪᠤᠯᠤᠨ ᠠᠰᠢᠭ ᠲᠤᠰᠠ ᠶᠢ ᠬᠤᠯᠪᠤᠬᠳᠠᠭᠤᠯᠬᠤ ᠲᠤᠬᠳᠠᠴᠠ ᠶᠢᠨ ᠭᠤᠷᠪᠡᠨ ᠡᠯᠧᠮᠧᠨ᠋ᠲ ᠢ ᠤᠷᠭᠠᠨᠢᠭ ᠢᠶᠠᠷ ᠤᠶᠠᠯᠳᠤᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠦᠬᠦᠯᠢ ᠴᠤᠬᠴᠠ ᠶᠢᠨ ᠪᠤᠳᠠᠳᠤ ᠦᠷ᠎ᠡ ᠪᠦᠳᠦᠮᠵᠢ ᠶᠢ ᠨᠡᠮᠡᠭᠳᠡᠬᠦᠯᠬᠦ ᠭᠡᠷᠡᠭᠳᠠᠢ᠃ ᠵᠠᠬ᠎ᠠ ᠬᠦᠪᠡᠭᠡ ᠶᠢᠨ ᠶᠠᠳᠠᠭᠤ ᠬᠦᠴᠢᠷᠳᠡᠯᠳᠠᠢ ᠡᠷᠦᠭᠡ ᠶᠢᠨ ᠶᠠᠳᠠᠭᠤᠷᠠᠬᠤ ᠪᠠ ᠡᠪᠡᠳᠴᠢᠨ ᠠᠴᠠ ᠪᠤᠯᠵᠤ ᠶᠠᠳᠠᠭᠤᠷᠠᠬᠤ ᠠᠰᠠᠭᠤᠳᠠᠯ ᠢ ᠲᠡᠭᠡᠳᠤ ᠬᠡᠮᠵᠢᠶ᠎ᠡ ᠪᠠᠷ ᠠᠩᠬᠠᠷᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢᠨ ᠨᠢᠭᠡ ᠲᠤᠰᠬᠤᠨ ᠨᠢᠭᠡ ᠬᠦᠮᠦᠨ ᠢ ᠴᠤ ᠤᠷᠬᠢᠬᠳᠠᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠬᠡᠯᠡᠪᠡ᠃