ᠪᠥᠬᠦ ᠣᠷᠣᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦᠯᠬᠦ ᠲᠤᠬᠠᠶ ᠶᠢᠨ ᠲᠠᠯᠠᠪᠠᠢ ᠳᠤ ᠲᠣᠭᠤᠷᠢᠨ ᠦᠵᠡᠬᠦ ᠵᠢᠴᠢ ᠬᠥᠭᠵᠢᠯᠲᠡ ᠶᠢᠨ ᠲᠡᠤᠬᠡ ᠶᠢ ᠲᠤᠭᠤᠷᠪᠢᠬᠤ ᠠᠵᠢᠯ ᠤᠨ ᠬᠤᠷᠠᠯ ᠬᠤᠷᠠᠯᠳᠤᠪᠠ

  9 ᠰᠠᠷ᠎ᠠ ᠶᠢᠨ 9᠎ ᠤ ᠡᠳᠦᠷ ᠠᠴᠠ 10᠎ ᠤ ᠡᠳᠦᠷ ᠪᠣᠯᠲᠠᠯ᠎ᠠ᠂ ᠪᠦᠬᠦ ᠣᠷᠣᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠲᠤᠬᠠᠶ ᠶᠢᠨ ᠲᠠᠯᠠᠪᠠᠢ ᠳᠤ ᠲᠤᠭᠤᠷᠢᠨ ᠦᠵᠡᠬᠦ ᠵᠢᠴᠢ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠬᠥᠭᠵᠢᠯᠲᠡ ᠶᠢᠨ ᠲᠡᠤᠬᠡ ᠶᠢ ᠲᠤᠭᠤᠷᠪᠢᠬᠤ ᠠᠵᠢᠯ ᠤᠨ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ᠃

  ᠬᠤᠷᠠᠯ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦᠯᠬᠦ ᠶᠢ ᠲᠦᠷᠭᠡᠳᠬᠡᠬᠦ ᠰᠢᠷᠢᠰ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠲᠤᠬᠠᠶ ᠡᠯ᠎ᠡ ᠵᠦᠶ᠋ᠯ ᠤᠨ ᠲᠥᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠵᠢᠱᠢᠶ᠎ᠡ ᠦᠵᠡᠭᠦᠯᠬᠦ ᠴᠡᠭ ᠢ ᠪᠠᠶᠢᠴᠠᠭᠠᠨ ᠦᠵᠡᠵᠦ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦᠯᠬᠦ ᠠᠷᠭ᠎ᠠ ᠵᠠᠮ ᠢ ᠰᠦᠪᠡᠭᠴᠢᠯᠡᠨ᠂ ᠪᠦᠬᠦ ᠣᠷᠣᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃

  ᠬᠤᠷᠠᠯ ᠢ ᠥᠪᠥᠷ ᠮᠣᠩᠭᠤᠯ ᠤᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠮᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠳᠠᠭᠠᠭᠠᠴᠢᠯᠠᠨ ᠡᠷᠬᠢᠯᠡᠪᠡ᠃

  ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠲᠥᠯᠥᠭᠡᠯᠡᠭᠴᠢᠳ ᠰᠠᠨᠠᠯ ᠢᠶᠠᠨ ᠰᠣᠯᠢᠯᠴᠠᠵᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠬᠥᠭᠵᠢᠯᠲᠡ ᠶᠢᠨ ᠲᠡᠤᠬᠡ ᠶᠢ ᠲᠤᠭᠤᠷᠪᠢᠬᠤ ᠠᠵᠢᠯ ᠤᠨ ᠲᠤᠬᠠᠶ ᠱᠠᠲᠤᠴᠢ ᠴᠢᠨᠠᠷᠲᠠᠶ ᠳ᠋ᠦᠩᠨᠡᠯᠲᠡ ᠪᠠᠶᠢᠷᠢᠯᠠᠭᠤᠯᠤᠯᠲᠠ ᠬᠢᠪᠡ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠡᠳ ᠪᠠᠰᠠ ᠤᠷᠢᠳ ᠬᠤᠵᠢᠳ ᠥᠪᠥᠷ ᠮᠣᠩᠭᠤᠯ ᠤᠨ ᠮᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠫᠧᠩ ᠴᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠱᠠᠨ ᠶᠢᠦ ᠮᠠᠶ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠬᠡᠳᠦᠨ ᠠᠵᠤ ᠠᠬᠤᠢᠢᠯᠠᠯ ᠢ ᠲᠣᠭᠤᠷᠢᠨ ᠦᠵᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com