ᠬᠥᠬᠡᠬᠤᠲᠠ ᠶᠠᠳᠠᠭᠤ ᠶᠢ ᠲᠡᠳᠬᠦᠬᠦ ᠶᠡᠭᠡ ᠪᠠᠶᠢᠷᠢᠰᠢᠯ ᠢ ᠬᠦᠴᠦᠯᠡᠨ ᠠᠬᠢᠭᠤᠯᠵᠤ 207 ᠶᠠᠳᠠᠭᠤ ᠬᠦᠴᠢᠷᠳᠡᠯᠲᠡᠶ ᠭᠠᠴᠠᠭ᠎ᠠ ᠳᠤᠰᠬᠤᠨ ᠶᠠᠳᠠᠭᠤ ᠠᠴᠠ ᠠᠩᠬᠢᠵᠢᠷᠠᠯ᠎ᠠ

  ᠶᠠᠳᠠᠭᠤ ᠬᠦᠴᠢᠷᠳᠡᠯᠲᠡᠶ ᠬᠥᠮᠦᠨ ᠠᠮᠠ 2014 ᠣᠨ ᠳᠤ 60659 ᠬᠥᠮᠦᠨ ᠪᠠᠶᠢᠭᠰᠠᠨ ᠠᠴᠠ ᠪᠠᠨ

  ᠪᠠᠭᠠᠰᠤᠭᠠᠳ 2018 ᠣᠨ ᠤ ᠰᠡᠭᠦᠯᠴᠢ ᠪᠣᠯᠬᠤ ᠳᠤ 588 ᠬᠥᠮᠦᠨ ᠪᠣᠯᠪᠠ

  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠪᠦᠬᠦ ᠳᠠᠯ᠎ᠠ ᠪᠠᠷ ᠡᠬᠢᠯᠡᠭᠰᠡᠨ ᠠᠴᠠ ᠨᠠᠭᠠᠰᠢ᠂ ᠬᠥᠬᠡᠬᠤᠲᠠ ᠶᠢᠨ ᠬᠢᠨ ᠶᠠᠳᠠᠭᠤ ᠠᠴᠠ ᠠᠩᠬᠢᠵᠢᠷᠠᠭᠤᠯᠬᠤ ᠶᠢᠨ ᠪᠠᠭᠤᠷᠠᠢ ᠭᠤᠭᠴᠤᠭ᠎ᠠ ᠶᠢ ᠴᠢᠬᠤᠯᠠᠴᠢᠯᠠᠬᠤ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠨ 2020 ᠣᠨ ᠤ ᠰᠡᠭᠦᠯᠴᠢ ᠪᠤᠯᠳᠠᠯ᠎ᠠ ᠪᠦᠬᠦ ᠬᠤᠲᠠ ᠶᠢᠨ ᠪᠦᠬᠦᠯᠢ ᠴᠣᠭᠴᠠ ᠪᠠᠷ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠵᠠᠮ ᠳᠡᠭᠡᠷ᠎ᠡ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠬᠡᠰᠡᠨ ᠲᠥᠪ ᠴᠢᠩᠭ᠎ᠠ ᠠᠮᠠᠯᠠᠯᠲᠠ ᠪᠠᠨ ᠡᠷᠡᠰ ᠪᠡᠶᠡᠯᠡᠭᠦᠯᠬᠦ ᠪᠠᠷ ᠴᠢᠷᠮᠠᠶᠢᠭᠰᠠᠭᠠᠷ ᠢᠷᠠᠪᠡ᠃ ᠬᠥᠬᠡᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ 2014 ᠣᠨ ᠳᠤ 60659 ᠬᠥᠮᠦᠨ ᠪᠠᠶᠢᠭᠰᠠᠨ ᠠᠴᠠ ᠪᠠᠨ ᠪᠠᠭᠠᠰᠤᠭᠠᠳ 2018 ᠣᠨ ᠤ ᠰᠡᠭᠦᠯᠴᠢ ᠪᠣᠯᠬᠤ ᠳᠤ 588 ᠬᠥᠮᠦᠨ ᠪᠣᠯᠵᠤ᠂ ᠶᠠᠳᠠᠭᠤᠷᠠᠯ ᠤᠨ ᠨᠤᠷᠮ᠎ᠠ 6.1% ᠪᠠᠶᠢᠭᠰᠠᠨ ᠠᠴᠠ ᠪᠠᠨ ᠪᠠᠭᠤᠷᠠᠭᠠᠳ 0.06% ᠪᠣᠯᠵᠤ᠂ 207 ᠶᠠᠳᠠᠭᠤ ᠬᠦᠴᠢᠷᠳᠡᠯᠲᠡᠶ ᠭᠠᠴᠠᠭ᠎ᠠ ᠳᠤᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠤ᠂ ᠴᠢᠩ ᠱᠦᠢ ᠾᠧ ᠰᠢᠶᠠᠨ᠂ ᠦᠴᠤᠸᠠᠨ ᠰᠢᠶᠠᠨ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃

  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠬᠦ ᠳᠤᠮᠳᠠ᠂ ᠬᠥᠬᠡᠬᠤᠲᠠ ᠶᠢᠨ ᠬᠢᠨ ᠲᠥᠪ ᠠᠴᠠ ᠨᠢᠭᠡᠳᠦᠯᠲᠡᠶ ᠲᠥᠯᠥᠪᠵᠢᠭᠦᠯᠬᠦ᠂ ᠮᠤᠵᠢ ᠶᠡᠷᠦᠩᠬᠡᠶ ᠬᠠᠷᠢᠭᠤᠴᠠᠬᠤ᠂ ᠬᠤᠳᠠ ᠰᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢᠭᠡᠳᠦᠭᠡᠷ ᠬᠠᠷᠢᠭᠤᠴᠠᠯᠭᠠᠲᠠᠨ ᠪᠤᠯᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ 17 ᠲᠤᠰᠬᠠᠶ ᠠᠵᠢᠯ ᠤᠨ ᠠᠬᠢᠭᠤᠯᠬᠤ ᠳᠤᠭᠤᠢᠢᠯᠠᠩ ᠢ ᠲᠤᠬᠢᠷᠠᠭᠤᠯᠤᠨ ᠪᠠᠶᠢᠭᠤᠯᠵᠤ᠂ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠠᠵᠢᠯ ᠢ ᠬᠦᠴᠦᠳᠠᠢ ᠠᠬᠢᠭᠤᠯᠤᠭᠰᠠᠨ ᠪᠠᠶᠢᠨ᠎ᠠ᠃ ᠵᠢᠷᠭᠤᠭᠠᠨ ᠤᠨᠢᠨ ᠳᠡᠭᠡᠷ᠎ᠡ᠎ ᠪᠠᠷ ᠪᠠᠷᠢᠮᠵᠢᠶ᠎ᠠ ᠪᠣᠯᠭᠠᠵᠤ᠂ 1 + N ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠦ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠪᠠ᠃ ᠣᠢᠢᠷ᠎ᠠ ᠶᠢᠨ ᠵᠢᠯ ᠳᠤ᠂ ᠨᠡᠶᠢᠲᠡ 50 ᠭᠠᠷᠤᠶ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠪᠠᠶᠢᠨ᠎ᠠ᠃

  ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠂ ᠤᠨᠴᠠᠯᠢᠬᠳᠤ ᠳᠠᠷᠢᠵᠤ ᠳᠡᠵᠢᠭᠡᠭᠦ ᠦᠢᠯᠡᠰ ᠢ ᠶᠡᠭᠡ ᠪᠠᠷ ᠪᠤᠶᠢᠵᠢᠭᠤᠯᠤᠨ ᠬᠦᠭᠵᠢᠭᠦᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠪᠡ᠃ ᠲᠥᠷᠥᠯ ᠵᠦᠢᠯ ᠢ ᠰᠣᠩᠭᠤᠬᠤ ᠲᠠᠯ᠎ᠠ ᠪᠠᠷ᠂ ᠶᠠᠳᠠᠭᠤ ᠬᠦᠴᠢᠷᠳᠡᠯᠲᠡᠶ ᠡᠷᠦᠬᠡ ᠶᠢᠨ ᠬᠥᠭᠵᠢᠯᠲᠡ ᠶᠢᠨ ᠬᠦᠰᠡᠯ ᠰᠠᠨᠠᠭ᠎ᠠ᠂ ᠲᠣᠰᠬᠤᠨ ᠡᠷᠦᠬᠡ ᠬᠥᠮᠦᠨ ᠤ ᠪᠠᠶᠢᠳᠠᠯ ᠢ ᠦᠨᠳᠦᠰᠦᠯᠡᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠰᠦᠯ ᠢ ᠲᠣᠭᠲᠠᠭᠠᠵᠤ᠂ ᠵᠠᠬᠢᠶᠠᠯᠠᠭ᠎ᠠ ᠶᠢᠨ ᠬᠡᠯᠪᠡᠷᠢ᠎ ᠪᠠᠷ ᠶᠠᠳᠠᠭᠤ ᠶᠢ ᠲᠡᠳᠬᠦᠬᠦ ᠶᠢ ᠳᠡᠯᠭᠡᠷᠡᠭᠦᠯᠦᠭᠰᠡᠨ ᠪᠠᠶᠢᠨ᠎ᠠ᠃ ᠬᠠᠮᠲᠤᠷᠠᠯᠴᠠᠭᠠᠨ ᠤ ᠵᠠᠭᠪᠤᠷ ᠤᠨ ᠲᠠᠯ᠎ᠠ ᠪᠠᠷ᠂ ᠶᠠᠳᠠᠭᠤ ᠬᠦᠴᠢᠷᠳᠡᠯᠲᠡᠶ ᠡᠷᠦᠬᠡ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠦᠢᠯᠡᠳᠪᠦᠷᠢᠯᠡᠯ᠂ ᠬᠠᠩᠭᠠᠯᠭ᠎ᠠ᠂ ᠪᠣᠷᠣᠯᠠᠭᠤᠯᠬᠤ ᠲᠤᠰᠬᠠᠶ ᠬᠤᠷᠰᠢᠶ᠎ᠠ ᠡᠷᠬᠢᠯᠡᠬᠦ ᠶᠢ ᠵᠣᠷᠢᠭᠵᠢᠭᠤᠯᠤᠨ ᠲᠡᠳᠬᠦᠪᠡ᠃ ᠠᠰᠢᠭ ᠲᠤᠰᠠ ᠶᠢ ᠬᠤᠯᠪᠣᠭᠠᠨ ᠤ ᠲᠠᠯ᠎ᠠ ᠪᠠᠷ᠂ ᠲᠠᠭᠠᠭᠤᠯᠤᠭᠴᠢ ᠠᠵᠤ ᠠᠬᠤᠢᠢᠯᠠᠯ + ᠳᠤᠰᠬᠠᠢ ᠬᠤᠷᠰᠢᠶ᠎ᠠ + ᠰᠠᠭᠤᠷᠢᠨ + ᠶᠠᠳᠠᠭᠤ ᠬᠦᠴᠢᠷᠳᠡᠯᠲᠡᠶ ᠡᠷᠦᠬᠡ᠎ ᠶᠢᠨ ᠵᠠᠭᠪᠤᠷ ᠢ ᠬᠡᠷᠡᠭᠵᠢᠭᠦᠯᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠨ ᠠᠵᠤ ᠦᠢᠯᠡᠰ ᠢᠶᠠᠷ ᠶᠠᠳᠠᠭᠤ ᠶᠢ ᠲᠡᠳᠬᠦᠪᠡ᠃ ᠠᠵᠤ ᠦᠢᠯᠡᠰ ᠤᠨ ᠬᠡᠯᠬᠢᠶᠡᠵᠢᠯ ᠤᠨ ᠲᠠᠯ᠎ᠠ ᠪᠠᠷ᠂ ᠠᠵᠤ ᠦᠢᠯᠡᠰ ᠤᠨ ᠦᠢᠯᠡᠳᠪᠦᠷᠢᠯᠡᠯ᠂ ᠡᠳ᠋ᠰᠢᠭᠦᠯᠦᠨ ᠪᠤᠯᠪᠠᠰᠤᠷᠠᠭᠤᠯᠬᠤ᠂ ᠪᠣᠷᠣᠯᠠᠭᠤᠯᠭ᠎ᠠ᠂ ᠭᠦᠢᠯᠭᠡᠭᠡ᠂ ᠬᠠᠩᠭᠠᠯᠭ᠎ᠠ ᠵᠡᠷᠭᠡ ᠬᠦᠷᠢᠶ᠎ᠠ ᠴᠠᠷᠠᠭᠠᠨ ᠳᠤ ᠣᠷᠣᠯᠴᠠᠬᠤ ᠪᠠᠷ ᠳᠠᠮᠵᠢᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷᠭᠦᠯᠵᠢᠯᠡᠭᠦ ᠴᠢᠨᠠᠷ ᠢ ᠳᠡᠭᠡᠭᠰᠢᠯᠡᠭᠦᠯᠪᠡ᠃ ᠣᠷᠣᠨ ᠪᠦᠰᠡ ᠶᠢᠨ ᠬᠠᠮᠲᠤᠷᠠᠯᠴᠠᠭᠠᠨ ᠤ ᠲᠠᠯ᠎ᠠ ᠪᠠᠷ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠪᠦᠳᠦᠭᠦᠪᠴᠢ ᠵᠥᠪᠳᠡᠯᠴᠡᠭᠡᠷ ᠪᠣᠯᠤᠨ ᠣᠨ ᠤ ᠠᠵᠢᠯᠯᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠬᠤ᠂ ᠵᠣᠬᠢᠬᠤ ᠬᠡᠪᠴᠢᠶ᠎ᠠ ᠲᠠᠢ ᠡᠵᠡᠩᠨᠡᠯᠳᠡ᠂ ᠵᠢᠵᠢᠭ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠢ ᠳᠡᠮᠵᠢᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠣᠯᠠᠨ ᠠᠷᠭ᠎ᠠ ᠵᠠᠮ ᠢᠶᠠᠷ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠢᠢᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠳᠠᠮᠵᠢᠭᠰᠡᠨ ᠪᠠᠶᠢᠨ᠎ᠠ᠃ ᠡᠭᠦᠨ ᠤ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠠᠢ᠃

  ᠡᠭᠦᠨ ᠤ ᠬᠠᠮᠲᠤ᠂ ᠬᠥᠬᠡᠬᠤᠲᠠ ᠬᠦᠴᠦᠨ ᠢᠶᠠᠨ ᠲᠥᠪᠯᠡᠷᠡᠭᠦᠯᠦᠨ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ ᠵᠡᠷᠭᠡ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠠᠯ᠎ᠠ ᠪᠠᠷ᠂ ᠡᠯ᠎ᠡ ᠵᠦᠢᠯ ᠤᠨ ᠲᠤᠰᠠᠯᠠᠮᠵᠢ ᠶᠢᠨ ᠲᠥᠷᠦ ᠶᠢᠨ ᠪᠣᠳᠣᠯᠭ᠎ᠠ ᠪᠠ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠡ᠃ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠠᠯ᠎ᠠ ᠪᠠᠷ᠂ ᠨᠤᠷᠠᠬᠤ ᠠᠶᠤᠯᠲᠠᠶ ᠭᠡᠷ ᠪᠠᠶᠢᠰᠢᠩ ᠤᠨ ᠳᠠᠯᠳᠠ ᠬᠡᠮ ᠢ ᠬᠠᠷᠭᠤᠭᠤᠯᠤᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠥᠳᠡᠭᠡ ᠲᠣᠰᠬᠤᠨ ᠤ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠪᠥᠬᠦᠨ ᠢ ᠰᠢᠨᠡᠳᠬᠡᠬᠦ ᠶᠢ ᠪᠦᠬᠦ ᠳᠠᠯ᠎ᠠ ᠪᠠᠷ ᠠᠬᠢᠭᠤᠯᠵᠤ᠂ ᠪᠤᠰᠤᠳ ᠭᠤᠷᠪᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠲᠠᠯ᠎ᠠ ᠪᠠᠷ᠂ ᠳᠠᠩᠰᠠᠯᠡᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠣᠯᠭᠤᠵᠤ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠪᠠ᠃ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠣᠳᠣᠬᠢ ᠪᠠᠶᠢᠳᠠᠯ ᠢ ᠳᠠᠬᠢᠨ ᠬᠢᠨᠠᠬᠤ ᠠᠵᠢᠯ ᠢ ᠥᠷᠨᠢᠭᠦᠯᠵᠦ᠂ ᠡᠨᠡ ᠵᠢᠯ ᠤᠨ ᠰᠡᠭᠦᠯᠴᠢ ᠠᠴᠠ ᠡᠮᠦᠨ᠎ᠡ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃

  ᠡᠭᠦᠨ ᠠᠴᠠ ᠭᠠᠳᠠᠨ᠎ᠠ᠂ ᠬᠥᠬᠡᠬᠤᠲᠠ ᠶᠢᠨ ᠬᠤᠲᠠ ᠶᠢᠨ ᠲᠡᠰ ᠤᠨ 39 ᠤᠳᠤᠷᠢᠳᠤᠯᠭ᠎ᠠ ᠲᠦᠷᠦᠭᠦᠯᠡᠨ 40 ᠰᠢᠶᠠᠩ ᠪᠠᠯᠭᠠᠰᠤ ᠲᠠᠢ ᠬᠠᠷᠢᠯᠴᠠᠵᠤ᠂ 110 ᠨᠢᠭᠡᠴᠢ᠂ 239 ᠠᠵᠤ ᠠᠬᠤᠢᠢᠯᠠᠯ᠂ 205 ᠭᠤᠤᠯᠳᠠᠯᠭ᠎ᠠ ᠲᠠᠢ ᠲᠣᠰᠬᠤᠨ ᠢ ᠬᠠᠪᠰᠤᠷᠤᠨ ᠲᠡᠳᠬᠦᠵᠦ᠂ 5911 ᠺᠠᠳ᠋ᠷ ᠨᠢᠭᠡ ᠨᠢ ᠨᠢᠭᠡ ᠲᠠᠢ ᠬᠠᠷᠢᠯᠴᠠᠬᠤ ᠪᠤᠶᠤ ᠣᠯᠠᠨ ᠢᠶᠠᠷ ᠢᠶᠠᠨ ᠨᠢᠭᠡ ᠲᠠᠢ ᠬᠠᠷᠢᠯᠴᠠᠬᠤ᠎ ᠪᠠᠷ ᠳᠠᠮᠵᠢᠨ 4999 ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠪᠡ᠃ ᠴᠢᠳᠠᠪᠤᠷᠢ ᠲᠠᠢ ᠺᠠᠳ᠋ᠷ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠤ ᠲᠣᠮᠢᠯᠠᠵᠤ᠂ ᠪᠦᠬᠦ ᠬᠤᠲᠠ ᠳᠤ ᠲᠣᠰᠬᠤᠨ ᠳᠤ ᠰᠠᠭᠤᠭ᠎ᠠ ᠠᠵᠢᠯᠯᠠᠬᠤ ᠠᠩᠬᠢ 582᠂ ᠲᠣᠰᠬᠤᠨ ᠳᠤ ᠰᠠᠭᠤᠭ᠎ᠠ ᠺᠠᠳ᠋ᠷ 1748 ᠬᠥᠮᠦᠨ ᠪᠤᠢ᠃ ᠢᠨᠲ᠋ᠧᠷ ᠰᠦᠯᠵᠢᠶ᠎ᠡ + ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠪᠦᠬᠦ ᠲᠠᠯ᠎ᠠ ᠪᠠᠷ ᠳᠡᠯᠭᠡᠷᠡᠭᠦᠯᠵᠤ᠂ ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ᠎ ᠳᠤ 22604 ᠬᠠᠶᠢᠷ᠎ᠠ ᠰᠡᠳᠬᠢᠯᠳᠦ ᠬᠦᠮᠦᠨ ᠳᠠᠩᠰᠠᠯᠠᠭᠤᠯᠵᠤ᠂ 17142 ᠶᠠᠳᠠᠭᠤ ᠬᠦᠴᠢᠷᠳᠡᠯᠲᠡᠶ ᠡᠷᠦᠬᠡ ᠳᠠᠩᠰᠠᠯᠠᠭᠤᠯᠵᠤ᠂ ᠰᠢᠭᠤᠳ ᠬᠠᠪᠰᠤᠷᠤᠨ ᠲᠡᠳᠬᠦᠬᠦ ᠪᠠᠷ ᠳᠠᠮᠵᠢᠨ᠂ ᠡᠳ᠋ ᠪᠣᠳᠠᠰ ᠢᠶᠠᠷ ᠬᠠᠪᠰᠤᠷᠤᠨ ᠲᠡᠳᠬᠦᠭᠰᠡᠨ ᠨᠤᠷᠮ᠎ᠠ 32.08%᠂ ᠪᠡᠯᠡ ᠮᠥᠩᠭᠦ ᠪᠠᠷ ᠬᠠᠪᠰᠤᠷᠤᠨ ᠲᠡᠳᠬᠦᠭᠰᠡᠨ ᠨᠣᠷᠮ᠎ᠠ 84.62%᠎ ᠲᠤ ᠬᠦᠷᠴᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com