ᠥᠪᠡᠷᠲᠡᠭᠡᠨ ᠵᠠᠰᠠᠬᠤ ᠣᠷᠣᠨ ᠤ 《10 · 17》᠎ ᠤ ᠶᠠᠳᠠᠭᠤ ᠶᠢ ᠲᠡᠳᠬᠦᠬᠦ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠣᠪᠠ

  10 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ 10 · 17᠎ ᠤ ᠶᠠᠳᠠᠭᠤ ᠶᠢ ᠲᠡᠳᠬᠦᠬᠦ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠤᠷᠤᠨ ᠤ ᠶᠠᠳᠠᠭᠤ ᠶᠢ ᠳᠡᠳᠭᠦᠵᠦ ᠶᠠᠳᠠᠭᠤ ᠠᠴᠠ ᠠᠩᠬᠢᠵᠢᠷᠠᠭᠤᠯᠬᠤ ᠡᠯ᠎ᠠ ᠳᠠᠯ᠎ᠠ ᠶᠢᠨ ᠠᠵᠢᠯ ᠤᠨ ᠠᠮᠵᠢᠯᠳᠠ ᠪᠦᠳᠦᠮᠵᠢ ᠶᠢᠨ ᠳᠤᠬᠠᠢ ᠰᠤᠨᠢᠨ ᠮᠡᠳᠡᠭᠡ ᠶᠢ ᠨᠡᠶᠢᠳᠡᠯᠡᠭᠰᠡᠨ ᠪᠦᠭᠡᠳ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃

  ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠷᠤᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠳᠡ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠬᠠᠷᠢᠭᠤᠴᠠᠯᠭ᠎ᠠ ᠶᠢᠨ ᠰᠢᠰᠲ᠋ᠧᠮ᠂ ᠲᠥᠷᠦ ᠶᠢᠨ ᠪᠣᠳᠣᠯᠭ᠎ᠠ ᠶᠢᠨ ᠰᠢᠰᠲ᠋ᠧᠮ᠂ ᠣᠷᠣᠭᠤᠯᠤᠯᠲᠠ ᠶᠢᠨ ᠰᠢᠰᠲ᠋ᠧᠮ᠂ ᠠᠵᠢᠯ ᠤᠨ ᠰᠢᠰᠲ᠋ᠧᠮ᠂ ᠳᠠᠶᠢᠴᠢᠯᠠᠬᠤ ᠰᠢᠰᠲ᠋ᠧᠮ᠂ ᠬᠢᠨᠠᠯᠲᠠ ᠲᠠᠯᠪᠢᠬᠤ ᠰᠢᠰᠲ᠋ᠧᠮ ᠪᠠ ᠬᠠᠮᠢᠶᠠᠷᠤᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠢᠢᠳᠪᠦᠷᠢᠲᠦ ᠴᠢᠨᠠᠷᠲᠠᠶ ᠠᠬᠢᠭᠤᠯᠤᠭᠰᠠᠨ ᠪᠠᠶᠢᠨ᠎ᠠ᠃ 2013 ᠣᠨ ᠤ ᠰᠡᠭᠦᠯᠴᠢ ᠠᠴᠠ 2018 ᠣᠨ ᠤ ᠰᠡᠭᠦᠯᠴᠢ ᠪᠤᠯᠳᠠᠯ᠎ᠠ᠂ ᠤᠯᠤᠰ ᠤᠨ ᠪᠠᠷᠢᠮᠵᠢᠶ᠎ᠠ ᠠᠴᠠ ᠳᠣᠤᠷᠠᠬᠢ ᠮᠠᠨ ᠤ ᠤᠷᠤᠨ ᠤ ᠮᠠᠯᠵᠢᠬᠤ ᠲᠠᠷᠢᠶᠠᠯᠠᠬᠤ ᠣᠷᠣᠨ ᠤ 141.76 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠤ᠂ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 11 ᠬᠤᠰᠢᠭᠤ ᠰᠢᠶᠠᠨ᠂ ᠣᠷᠣᠨ ᠤ ᠲᠡᠰ ᠤᠨ ᠶᠠᠳᠠᠭᠤ ᠬᠦᠴᠢᠷᠳᠡᠯᠲᠡᠶ 26 ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com