ᠮᠠ ᠰᠢᠤᠸᠠᠢ ᠵᠢᠶᠦ᠋ᠨ ᠵᠠᠯᠠᠶᠢᠳ ᠬᠤᠰᠢᠭᠤᠨ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠢᠯᠠᠯᠳᠠ ᠤᠯᠵᠦ ᠴᠢᠨᠠᠷ ᠰᠠᠶᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠲᠣᠯᠬᠤ ᠭᠡᠷᠡᠭᠳᠡᠢ ᠭᠡᠵᠦ ᠴᠢᠬᠤᠯᠠᠴᠢᠯᠠᠪᠠ

  11 ᠰᠠᠷ᠎ᠠ ᠶᠢᠨ 6᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠠᠢ᠃

  ᠮᠠ ᠰᠢᠤᠸᠠᠢ ᠵᠢᠶᠦ᠋ᠨ ᠤᠷᠢᠳ ᠬᠤᠵᠢᠳ ᠳ᠋ᠦ᠋ ᠮᠸᠢ ᠮᠠᠯᠵᠢᠯ ᠤᠨ ᠦᠢᠯᠡᠰ᠂ ᠪᠠᠶᠠᠨᠭᠤᠤᠯ ᠪᠠᠯᠭᠠᠰᠤᠨ ᠤ ᠶᠦᠩ ᠾᠧ ᠲᠤᠰᠬᠤᠨ᠂ ᠪᠠᠶᠠᠨᠭᠤᠤᠯ ᠤᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠵᠤ᠂ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠲᠦᠷᠦᠯ ᠵᠦᠢᠯ᠂ ᠶᠠᠳᠠᠭᠤ ᠶᠢ ᠳᠡᠳᠭᠦᠬᠦ ᠪᠡᠯᠡ ᠮᠦᠩᠭᠦ ᠶᠢᠨ ᠬᠠᠮᠢᠶᠠᠷᠤᠯᠳᠠ ᠪᠤᠯᠤᠨ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠵᠤ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠢᠢᠯᠠᠩ ᠤᠨ ᠭᠡᠰᠢᠭᠦᠳ ᠪᠤᠯᠤᠨ ᠶᠠᠳᠠᠭᠤ ᠬᠦᠴᠢᠷᠳᠡᠯᠳᠠᠢ ᠤᠯᠠᠨ ᠲᠦᠮᠡᠨ ᠢ ᠲᠤᠬᠤᠨᠢᠭᠤᠯᠪᠠ᠃

  ᠮᠠ ᠰᠢᠤᠸᠠᠢ ᠵᠢᠶᠦ᠋ᠨ᠂ ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠭᠤᠤᠯ ᠰᠡᠳᠦᠪᠳᠤ ᠬᠦᠮᠦᠵᠢᠯ ᠲᠠᠢ ᠤᠶᠠᠯᠳᠤᠭᠤᠯᠵᠤ᠂ ᠳᠦᠷᠪᠡᠨ ᠤᠬᠠᠮᠰᠠᠷ᠎ ᠢᠶᠠᠨ ᠳᠡᠭᠡᠭᠰᠢᠯᠡᠭᠦᠯᠵᠤ᠂ ᠳᠦᠷᠪᠡᠨ ᠢᠳᠡᠭᠡᠯ᠎ ᠢᠶᠠᠨ ᠪᠠᠳᠤᠳᠬᠠᠵᠤ᠂ ᠬᠤᠶᠠᠷ ᠢ ᠬᠠᠮᠠᠭᠠᠯᠠᠬᠤ᠎ ᠶᠢ ᠪᠡᠶᠡᠯᠡᠭᠦᠯᠵᠤ᠂ ᠤᠨᠢᠨ ᠳᠡᠭᠡᠷ᠎ᠠ ᠨᠢ ᠶᠠᠳᠠᠭᠤ ᠶᠢ ᠳᠡᠳᠭᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠳᠤᠷ ᠬᠢᠬᠦ ᠶᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠳᠠᠢ᠃ ᠠᠵᠤ ᠦᠢᠯᠡᠰ ᠤᠨ ᠬᠦᠭᠵᠢᠯᠳᠡ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠦᠵᠡᠭᠦᠯᠬᠦ ᠠᠬᠢᠭᠤᠯᠬᠤ ᠦᠢᠯᠡᠳᠦᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠲᠦᠷᠦᠯ ᠵᠦᠢᠯ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠡᠭᠦᠳᠬᠦ ᠠᠵᠢᠯ ᠢᠶᠠᠷ ᠭᠤᠤᠯᠳᠠᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠤᠵᠠᠭᠠᠢᠢᠷᠠᠭᠤᠯᠤᠨ ᠬᠦᠴᠦᠷᠬᠡᠭᠵᠢᠭᠦᠯᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠢ ᠳᠠᠭᠠᠭᠤᠯᠤᠨ ᠲᠤᠭᠳᠠᠭᠤᠨ ᠢᠶᠠᠷ ᠤᠷᠤᠯᠭ᠎ᠠ ᠶᠢ ᠨᠢ ᠨᠡᠮᠡᠭᠳᠡᠭᠦᠯᠵᠤ ᠪᠠᠶᠠᠵᠢᠭᠤᠯᠤᠨ ᠴᠢᠨᠡᠭᠡᠯᠢᠭᠵᠢᠭᠦᠯᠬᠦ ᠬᠡᠷᠡᠭᠳᠠᠢ᠃ ᠶᠠᠳᠠᠭᠤ ᠶᠢ ᠳᠡᠳᠭᠦᠬᠦ ᠪᠡᠯᠡ ᠮᠦᠩᠭᠦ ᠠᠴᠠ ᠪᠦᠷᠢᠯᠳᠦᠭᠰᠡᠨ ᠬᠦᠷᠦᠩᠭᠡ ᠶᠢᠨ ᠬᠠᠮᠢᠶᠠᠷᠤᠯᠳᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠤ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠳᠡᠳᠭᠦᠬᠦ ᠪᠡᠯᠡ ᠮᠦᠩᠭᠦ ᠠᠴᠠ ᠪᠦᠷᠢᠯᠳᠦᠭᠰᠡᠨ ᠬᠦᠷᠦᠩᠭᠡ ᠶᠢᠨ ᠨᠡᠩ ᠶᠡᠭᠡ ᠦᠢᠯᠡᠳᠦᠯ ᠪᠠᠳᠠᠷᠠᠭᠤᠯᠬᠤ ᠶᠢ ᠪᠠᠳᠤᠯᠠᠬᠤ ᠬᠡᠷᠡᠭᠳᠠᠢ᠃ ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ ᠳᠤᠮᠳᠠᠬᠢ ᠪᠠᠭᠤᠷᠠᠢ ᠭᠤᠭᠴᠤᠭ᠎ᠠ ᠪᠠᠷ ᠭᠤᠤᠯᠳᠠᠭᠤᠯᠵᠤ᠂ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠪᠤᠯᠤᠨ ᠤᠯᠤᠰ ᠤᠨ ᠤᠨ ᠤ ᠦᠷ᠎ᠠ ᠪᠦᠲᠦᠮᠵᠢ ᠶᠢᠨ ᠰᠢᠯᠭᠠᠨ ᠦᠨᠡᠯᠡᠯᠳᠡ ᠠᠴᠠ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠰᠠᠨ ᠢ ᠰᠢᠯᠭᠠᠨ ᠨᠤᠳᠠᠯᠠᠬᠤ ᠪᠡᠯᠡᠳᠭᠡᠯ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠳᠤᠳᠠᠭᠳᠠᠵᠦ ᠤᠷᠬᠢᠭᠳᠠᠭᠰᠠᠨ ᠢ ᠨᠦᠬᠦᠪᠦᠷᠢᠯᠡᠵᠤ᠂ ᠲᠡᠭᠦᠯᠳᠡᠷᠵᠢᠭᠦᠯᠦᠨ ᠳᠡᠭᠡᠭᠰᠢᠯᠡᠭᠦᠯᠵᠤ᠂ ᠵᠢᠯ ᠤᠨ ᠡᠴᠦᠰ ᠪᠤᠯᠳᠠᠯ᠎ᠠ ᠶᠠᠳᠠᠭᠤ ᠠᠴᠠ ᠠᠩᠭᠢᠵᠢᠷᠠᠭᠤᠯᠬᠤ ᠬᠠᠷᠠᠯᠳᠠ ᠪᠠᠨ ᠪᠡᠶᠡᠯᠡᠭᠦᠯᠭᠦ ᠬᠡᠷᠡᠭᠳᠠᠢ ᠭᠡᠵᠤ ᠴᠢᠬᠤᠯᠠᠴᠢᠯᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com