ᠮᠠᠨ ᠤ ᠤᠷᠤᠨ ᠠᠮᠢ ᠠᠬᠤᠢ ᠪᠠᠷ ᠶᠠᠳᠠᠭᠤ ᠶᠢ ᠲᠡᠳᠬᠦᠵᠤ 8 ᠲᠦᠮᠡ ᠰᠢᠬᠠᠮ ᠶᠠᠳᠠᠭᠤ ᠬᠦᠴᠢᠷᠳᠡᠯᠳᠡᠢ ᠬᠦᠮᠦᠨ ᠠᠮᠠ ᠳᠤ ᠠᠰᠢᠭ ᠬᠦᠷᠳᠡᠭᠡᠪᠡ

  ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠤᠷᠤᠨ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠵᠡᠷᠭᠡ ᠪᠠᠷ ᠲᠦᠯᠦᠪᠯᠡᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠨᠥᠬᠦᠪᠥᠷᠢ ᠪᠠᠷ ᠶᠠᠳᠠᠭᠤ ᠶᠢ ᠲᠡᠳᠬᠦᠬᠦ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠪᠠᠷ ᠶᠠᠳᠠᠭᠤ ᠶᠢ ᠲᠡᠳᠬᠦᠬᠦ᠂ ᠣᠢ ᠰᠢᠭᠤᠢ ᠡᠪᠡᠰᠦᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠬᠦᠯᠵᠤ᠂ 8 ᠲᠦᠮᠡ ᠰᠢᠬᠠᠮ ᠶᠠᠳᠠᠭᠤ ᠬᠦᠴᠢᠷᠳᠡᠯᠳᠡᠢ ᠬᠦᠮᠦᠨ ᠠᠮᠠ ᠳᠤ ᠠᠰᠢᠭ ᠬᠦᠷᠳᠡᠭᠡᠪᠡ᠃

  ᠤᠶᠢᠯᠠᠭᠠᠭᠰᠠᠨ ᠢᠶᠠᠷ᠂ ᠡᠨᠡ ᠵᠢᠯ᠂ ᠮᠠᠨ ᠤ ᠤᠷᠤᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠮᠢ ᠠᠬᠤᠢ ᠶᠢᠨ ᠣᠢ ᠬᠠᠮᠠᠭᠠᠯᠠᠭᠴᠢ ᠶᠢᠨ ᠭᠦᠢᠴᠡᠳᠬᠡᠬᠦ ᠲᠤᠭ᠎ᠠ ᠶᠢ 1. 67 ᠲᠦᠮᠡᠨ ᠬᠥᠮᠦᠨ ᠪᠣᠯᠭᠠᠨ ᠨᠡᠮᠡᠭᠳᠡᠭᠦᠯᠵᠦ᠂ ᠬᠥᠮᠦᠨ ᠪᠦᠷᠢ ᠳᠤ ᠵᠢᠯ ᠪᠤᠯᠭᠠᠨ ᠤᠯᠤᠰ ᠤᠨ ᠣᠢ ᠰᠢᠭᠤᠢ ᠶᠢ ᠬᠠᠮᠠᠭᠠᠯᠠᠬᠤ ᠨᠥᠬᠦᠪᠥᠷᠢ 1 ᠲᠦᠮᠡᠨ ᠲᠥᠭᠦᠷᠢᠭ ᠤᠯᠭᠤᠵᠤ᠂ 5 ᠲᠦᠮᠡ ᠰᠢᠬᠠᠮ ᠬᠥᠮᠦᠨ ᠤ ᠵᠢᠯ ᠤᠨ ᠳᠤᠮᠳᠠᠴᠢ ᠣᠷᠣᠯᠭ᠎ᠠ ᠶᠢ ᠤᠯᠤᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠣᠷᠣᠯᠭ᠎ᠠ ᠶᠢᠨ ᠪᠠᠷᠢᠮᠵᠢᠶ᠎ᠠ ᠠᠴᠠ ᠲᠠᠪᠠᠭᠤᠯᠬᠤ ᠪᠠᠷ ᠲᠠᠶᠢᠴᠢᠯᠠᠪᠠ︔ ᠨᠡᠶᠢᠲᠡ ᠶᠢᠨ ᠠᠰᠠᠷᠠᠮᠵᠢ ᠶᠢᠨ ᠣᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ ᠮᠥᠩᠭᠦ ᠶᠢ ᠠᠰᠢᠬᠯᠡᠨ᠂ ᠪᠦᠬᠦ ᠣᠷᠣᠨ ᠳ᠋ᠤ᠋ 1.5 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠤᠷᠢᠨ ᠬᠡᠷᠡᠭᠯᠡᠵᠦ᠂ ᠣᠢ ᠰᠢᠭᠤᠢ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠳ᠋ᠤ᠋ ᠣᠷᠣᠯᠴᠠᠭᠤᠯᠤᠨ᠂ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ 6000 ᠲᠥᠭᠦᠷᠢᠭ ᠨᠡᠮᠡᠭᠳᠡᠬᠦᠯᠪᠡ᠃

  ᠮᠠᠨ ᠤ ᠣᠷᠣᠨ ᠪᠠᠰᠠ ᠣᠢ ᠰᠢᠭᠤᠢ ᠶᠢᠨ ᠠᠵᠤ ᠦᠢᠯᠡᠰᠵᠢᠯᠲᠡ ᠶᠢᠨ ᠪᠦᠬᠦ ᠪᠡᠯᠡ ᠮᠥᠩᠭᠦ ᠪᠤᠯᠤᠨ 90%᠎ ᠶᠢᠨ ᠣᠨᠴᠠᠯᠢᠭᠲᠤ ᠠᠵᠤ ᠠᠬᠤᠢ ᠶᠢᠨ ᠣᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠶᠠᠳᠠᠭᠤ ᠬᠦᠴᠢᠷᠳᠡᠯᠲᠡᠢ ᠭᠠᠵᠠᠷ ᠣᠷᠣᠨ ᠳ᠋ᠤ᠋ ᠪᠡᠯᠡ ᠣᠷᠣᠭᠤᠯᠤᠨ᠂ 56 ᠣᠢ ᠰᠢᠭᠤᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠪᠡ᠃ ᠣᠨᠴᠠᠯᠢᠭᠲᠤ ᠠᠵᠤ ᠠᠬᠤᠢ ᠶᠢᠨ ᠣᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠪᠠᠷ ᠳᠠᠮᠵᠢᠨ ᠣᠢ ᠰᠢᠭᠤᠢ ᠶᠢᠨ ᠠᠵᠤ ᠠᠬᠤᠢ ᠪᠣᠯᠤᠨ ᠬᠦᠷᠢᠶ᠎ᠡ ᠬᠠᠰᠢᠶ᠎ᠠ ᠵᠢᠮᠢᠰ ᠤᠨ ᠠᠵᠤ ᠠᠬᠤᠢ ᠵᠡᠷᠭᠡ ᠣᠢ ᠰᠢᠭᠤᠢ ᠡᠪᠡᠰᠦᠨ ᠤ ᠠᠵᠤ ᠦᠢᠯᠡᠰ ᠢ ᠬᠦᠭᠵᠢᠬᠦᠯᠵᠤ᠂ 1.5 ᠲᠦᠮᠡᠨ ᠶᠠᠳᠠᠭᠤ ᠬᠦᠴᠢᠷᠳᠡᠯᠳᠡᠢ ᠬᠥᠮᠦᠨ ᠠᠮᠠ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠬᠦᠮᠦᠨ ᠪᠦᠷᠢ ᠶᠢᠨ ᠳᠤᠮᠳᠠᠴᠢ ᠤᠷᠤᠯᠭ᠎ᠠ ᠶᠢ 1900 ᠲᠥᠭᠦᠷᠢᠭ ᠨᠡᠮᠡᠭᠳᠡᠬᠦᠯᠵᠡᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com