ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠡᠬᠢᠯᠡᠪᠡ

  11 ᠰᠠᠷ᠎ᠠ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠬᠦᠭᠡᠬᠤᠳᠠ ᠳᠤ ᠡᠬᠢᠯᠡᠵᠦ ᠠᠩᠬᠠᠳᠣᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃

  ᠦᠪᠡᠷᠳᠡᠭᠡᠨ ᠵᠠᠰᠬᠠᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠤᠳᠤ 63 ᠬᠦᠮᠦᠨ ᠪᠣᠢ᠂ 56 ᠬᠦᠮᠦᠨ ᠨᠢ ᠲᠤᠰ ᠤᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃ ᠬᠤᠷᠠᠯ ᠠᠴᠠ᠂ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠲᠤᠤ ᠵᠢᠶᠠᠨ᠂ ᠭᠧ ᠹᠸᠡᠭ᠂ ᠵᠠᠩ ᠮᠢᠨ ᠤ ᠲᠤᠰ ᠲᠤᠰ ᠬᠢᠭᠰᠡᠨ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠱᠠᠰᠢᠨ ᠰᠤᠷᠳᠠᠬᠤᠨ ᠤ ᠶᠠᠪᠤᠳᠠᠯ ᠤᠨ ᠲᠦᠷᠢᠮ ᠲᠦᠰᠦᠯ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ ᠲᠦᠰᠦᠯ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠬᠠᠢ ᠬᠤᠳᠠ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ ᠲᠦᠰᠦᠯ᠎ ᠢ ᠬᠢᠨᠡᠨ ᠵᠦᠪᠯᠡᠭᠰᠡᠨ ᠦᠷ᠎ᠠ ᠳ᠋ᠦᠡᠭ ᠤᠨ ᠳᠣᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ ᠵᠢᠶᠠ ᠮᠢᠩ ᠰᠢᠩ ᠤᠨ ᠬᠢᠭᠰᠡᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲᠧᠷᠢᠶᠠᠯ ᠢ ᠲᠠᠩᠰᠠᠯᠠᠭᠤᠯᠵᠦ ᠬᠢᠨᠠᠨ ᠪᠠᠶᠢᠴᠠᠭᠠᠬᠤ ᠲᠦᠷᠢᠮ ᠲᠦᠰᠦᠯ᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠬᠦᠭᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠦᠡᠭ ᠤᠨ ᠬᠢᠭᠰᠡᠨ ᠬᠦᠭᠡᠬᠤᠳᠠ ᠶᠢᠨ ᠲᠠᠬᠢᠯᠳᠠ ᠤᠰᠤ ᠶᠢ ᠠᠰᠢᠬᠯᠠᠵᠦ ᠬᠠᠮᠢᠶᠠᠷᠬᠤ ᠲᠦᠷᠢᠮ᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠰᠢᠤᠢ ᠳ᠋ᠧ ᠯᠢᠨ ᠤ ᠬᠢᠭᠰᠡᠨ ᠪᠤᠭᠤᠳᠤ ᠬᠤᠳᠠ ᠶᠢᠨ ᠬᠤᠳᠠ ᠶᠢᠨ ᠨᠤᠭᠤᠭᠠᠷᠠᠭᠤᠯᠤᠯᠳᠠ ᠶᠢᠨ ᠲᠦᠷᠢᠮ᠂ ᠪᠤᠭᠤᠳᠤ ᠬᠤᠳᠠ ᠶᠢᠨ ᠨᠨᠨ ᠬᠠᠢ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ᠂ ᠪᠤᠭᠤᠳᠤ ᠬᠤᠳᠠ ᠶᠢᠨ ᠤᠤᠭᠤᠬᠤ ᠤᠰᠤᠨ ᠤ ᠤᠰᠤᠨ ᠤ ᠰᠤᠷᠪᠤᠯᠵᠢ ᠶᠢ ᠬᠠᠮᠠᠭᠠᠯᠠᠬᠤ ᠲᠦᠷᠢᠮ᠎ ᠳᠤ ᠵᠠᠰᠠᠪᠤᠷᠢ ᠤᠷᠤᠭᠤᠯᠬᠤ ᠲᠤᠬᠠᠢ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠬᠦᠯᠦᠨ ᠪᠤᠶᠢᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠴᠧᠨ ᠯᠢ ᠰᠢᠨ ᠤ ᠬᠢᠭᠰᠡᠨ ᠬᠦᠯᠦᠨ ᠪᠤᠶᠢᠷ ᠬᠤᠳᠠ ᠶᠢᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠤᠯᠠᠭᠠᠨᠬᠠᠳᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠠᠨ ᠬᠤᠢ ᠶᠢᠨ ᠬᠢᠭᠰᠡᠨ ᠤᠯᠠᠭᠠᠨᠬᠠᠳᠠ ᠬᠤᠳᠠ ᠶᠢᠨ ᠯᠢᠶᠤᠤ ᠤᠯᠤᠰ ᠤᠨ ᠦᠶ᠎ᠠ ᠶᠢᠨ ᠨᠡᠶᠢᠰᠯᠡᠯ ᠬᠤᠳᠠ ᠵᠸᠤ ᠶᠢᠨ ᠬᠤᠳᠠ ᠬᠠᠭᠠᠨ ᠤ ᠤᠡᠭᠭᠤᠨ ᠤ ᠪᠠᠭᠤᠷᠢ ᠶᠢ ᠬᠠᠮᠠᠭᠠᠯᠠᠬᠤ ᠲᠦᠷᠢᠮ᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠴᠢ ᠪᠢᠰᠢᠷᠡᠯᠳᠤ ᠶᠢᠨ ᠬᠢᠭᠰᠡᠨ ᠤᠷᠳᠤᠰ ᠬᠤᠳᠠ ᠶᠢᠨ ᠪᠤᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠡᠭ ᠤᠨ ᠬᠢᠭᠰᠡᠨ ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠳᠡ ᠲᠦᠰᠦᠯ᠎ ᠶᠢ ᠰᠤᠨᠤᠰᠪᠠ᠃ ᠬᠤᠷᠠᠯ ᠠᠴᠠ ᠪᠠᠰᠠ ᠯᠢᠶᠠᠨ ᠰᠤ᠋ ᠶᠢᠨ ᠬᠢᠭᠰᠡᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠣᠭᠤᠢᠢᠯᠠᠩ ᠤᠨ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ᠎ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠰᠨᠨ ᠪᠠᠶᠢᠳᠠᠯ ᠤᠨ ᠲᠤᠬᠠᠢ ᠮᠡᠳᠡᠭᠦᠯᠦᠯᠳᠡ︔ ᠾᠧ ᠶᠠᠨ ᠯᠢᠩ ᠤᠨ ᠬᠢᠭᠰᠡᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠣᠭᠤᠢᠢᠯᠠᠩ ᠤᠨ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠵᠢᠯ ᠤᠯᠭᠤᠯᠳᠠ ᠶᠢ ᠠᠬᠢᠭᠤᠯᠬᠤ ᠬᠠᠤᠯᠢ ᠪᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯ ᠤᠯᠭᠤᠯᠳᠠ ᠶᠢ ᠠᠬᠢᠭᠤᠯᠬᠤ ᠲᠦᠷᠢᠮ᠎ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠰᠠᠨ ᠪᠠᠶᠢᠳᠠᠯ ᠤᠨ ᠲᠤᠬᠠᠢ ᠮᠡᠳᠡᠭᠦᠯᠤᠯᠳᠠ ᠶᠢ ᠰᠤᠨᠤᠰᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠬᠡᠰᠡᠭ ᠠᠷᠠᠳ ᠤᠨ ᠲᠦᠯᠦᠭᠡᠯᠡᠭᠴᠢ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠳᠠᠨ᠂ ᠠᠶᠢᠮᠠᠬ ᠤᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ︔ ᠡᠯ᠎ᠠ ᠲᠤᠭᠤᠷᠢᠭ ᠲᠠᠢ ᠬᠤᠳᠠ᠂ ᠲᠦᠯᠦᠪᠯᠡᠭᠡ ᠲᠤᠰᠠᠭᠠᠷ ᠬᠤᠳᠠ ᠪᠤᠯᠤᠨ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠷᠢᠭᠤᠴᠠᠯᠭᠠᠳᠠᠨ︔ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com