ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠲᠦᠮᠡᠯ ᠹᠷᠦᠨᠲ ᠤᠨ ᠬᠡᠯᠲᠡᠰ ᠭᠤᠤᠯ ᠰᠡᠳᠦᠪᠲᠦ ᠨᠠᠮ ᠤᠨ ᠡᠲᠤᠷ ᠤᠨ ᠠᠵᠢᠯᠯᠠᠭ᠎ᠠ ᠦᠷᠨᠢᠬᠦᠯᠵᠠᠢ

  ᠤᠢᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠲᠦᠮᠡᠯ ᠹᠷᠦᠨᠲ ᠤᠨ ᠬᠡᠯᠲᠡᠰ ᠦᠪᠦᠷ ᠮᠤᠩᠭᠤᠯ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠨᠢᠭᠡᠲᠦᠮᠡᠯ ᠹᠷᠦᠨᠲ ᠤᠨ ᠬᠡᠯᠲᠡᠰ ᠤᠨ ᠨᠠᠮ ᠤᠨ ᠡᠬᠦᠷ ᠵᠢᠴᠢ ᠬᠠᠮᠢᠶ᠎ᠠ ᠪᠦᠬᠦᠢ ᠺᠤᠮᠫᠠᠨᠢ ᠶᠢᠨ ᠬᠡᠰᠡᠭ ᠰᠢᠨ᠎ᠠ ᠨᠡᠶᠢᠬᠡᠮ ᠤᠨ ᠳᠡᠰ ᠲᠠᠪᠬᠤᠷᠭ᠎ᠠ ᠶᠢᠨ ᠵᠤᠬᠢᠶᠠᠨ ᠪᠠᠶᠢᠭᠤᠯᠤᠯᠲᠠ ᠶᠢᠨ ᠨᠠᠮ ᠤᠨ ᠡᠬᠦᠷ ᠲᠠᠢ ᠬᠠᠮᠳᠤᠷᠠᠵᠦ ᠪᠢ ᠡᠬᠡ ᠤᠷᠤᠨ ᠳᠠᠭᠠᠨ ᠬᠠᠶᠢᠷᠠᠲᠠᠢ ᠬᠡᠬᠦ ᠭᠤᠤᠯ ᠰᠡᠳᠦᠪᠲᠦ ᠨᠠᠮ ᠤᠨ ᠡᠲᠤᠷ ᠤᠨ ᠠᠵᠢᠯᠯᠠᠭ᠎ᠠ ᠦᠷᠨᠢᠭᠦᠯᠪᠡ᠃

  ᠤᠢᠢᠯᠠᠭᠠᠬᠰᠠᠨ ᠢᠶᠠᠷ᠂ ᠠᠵᠢᠯᠯᠠᠭ᠎ᠠ ᠶᠢᠨ ᠲᠤᠬᠠᠢ ᠶᠢᠨ ᠡᠳᠦᠷ ᠲᠤ᠂ ᠠᠵᠢᠯᠯᠠᠭ᠎ᠠ ᠳᠤ ᠤᠷᠤᠯᠴᠠᠬᠰᠠᠳ ᠬᠠᠮᠳᠦ ᠪᠠᠷ ᠳᠤᠮᠳᠠᠳᠦ ᠤᠯᠤᠰ ᠤᠨ ᠡᠪ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠵᠦ᠂ ᠳᠤᠮᠳᠠᠳᠦ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠬᠡᠰᠢᠬᠦᠨ᠂ ᠦᠪᠦᠷ ᠮᠤᠩᠭᠤᠯ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠯᠢᠥ ᠴᠧᠨ ᠰᠢ ᠫᠷᠦᠹᠧᠰᠰᠤᠷ ᠠᠴᠠ ᠪᠢ ᠡᠭᠡ ᠤᠷᠤᠨ ᠳᠠᠭᠠᠨ ᠬᠠᠶᠢᠷᠠᠲᠠᠢ ᠬᠡᠬᠦ ᠭᠤᠤᠯ ᠰᠡᠳᠦᠪ ᠢᠶᠠᠷ ᠤᠯᠠᠨ ᠲᠠᠢ ᠦᠵᠡᠯ ᠪᠤᠲᠤᠯ ᠢᠶᠠᠨ ᠬᠤᠪᠢᠶᠠᠯᠴᠠᠵᠦ᠂ ᠬᠡᠷ ᠪᠦᠯᠢ ᠶᠢᠨ ᠢᠶᠠᠨ ᠬᠡᠳᠦᠨ ᠦᠶ᠎ᠡ ᠶᠢᠨ ᠬᠦᠮᠦᠰ ᠤᠨ ᠡᠬᠡ ᠤᠷᠤᠨ ᠢᠶᠠᠨ ᠬᠠᠶᠢᠷᠠᠯᠠᠵᠦ ᠬᠤᠪᠢ ᠨᠡᠮᠡᠷᠢ ᠦᠵᠡᠬᠦᠯᠦᠭᠰᠡᠨ ᠰᠡᠳᠬᠢᠯ ᠬᠦᠳᠡᠯᠬᠡᠮ᠎ᠡ ᠦᠯᠢᠭᠡᠷ ᠢ ᠶᠠᠷᠢᠵᠠᠢ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠨᠠᠮ ᠤᠨ ᠡᠳᠦᠷ ᠤᠨ ᠠᠵᠢᠯᠯᠠᠭ᠎ᠠ ᠶᠢᠨ ᠬᠡᠯᠪᠡᠷᠢ ᠮᠠᠶᠢᠭ ᠰᠢᠨ᠎ᠡ ᠰᠡᠪᠡᠬᠦᠨ᠂ ᠦᠷ᠎ᠡ ᠪᠦᠲᠦᠮᠵᠢ ᠦᠯᠡᠮᠵᠢ ᠪᠤᠯᠵᠦ᠂ ᠨᠢᠭᠡᠲᠦᠮᠡᠯ ᠹᠷᠦᠨᠲ ᠤᠨ ᠺᠡᠳ᠋ᠷᠴᠤᠳ ᠪᠤᠯᠤᠨ ᠨᠢᠬᠡᠲᠦᠮᠡᠯ ᠹᠷᠦᠨᠲ ᠤᠨ ᠪᠦᠷᠢᠯᠳᠦᠬᠦᠨ ᠬᠠᠮᠳᠦ ᠪᠠᠷ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠵᠦ᠂ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠬᠤᠪᠢᠶᠠᠯᠴᠠᠵᠦ᠂ ᠨᠦᠬᠦᠷᠯᠡᠯ ᠪᠠᠶᠢᠭᠤᠯᠵᠦ᠂ ᠰᠡᠳᠬᠢᠯ ᠰᠠᠨᠠᠭ᠎ᠠ ᠬᠦᠴᠦᠨ ᠴᠢᠳᠠᠯ ᠢᠶᠠᠨ ᠨᠢᠬᠲᠠᠷᠠᠭᠤᠯᠵᠠᠢ︔ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠴᠢᠨᠠᠬᠰᠢᠲᠠ ᠰᠤᠷᠤᠯᠴᠠᠨ ᠲᠤᠭᠤᠰᠢᠯᠠᠭᠤᠯᠵᠦ᠂ ᠡᠬᠡ ᠤᠷᠤᠨ ᠳᠠᠭᠠᠨ ᠬᠠᠶᠢᠷᠠᠲᠠᠢ ᠪᠠᠶᠢᠬᠤ ᠬᠠᠶᠢᠷ᠎ᠠ ᠰᠡᠳᠬᠢᠯᠭᠡ ᠪᠠᠨ ᠪᠤᠲᠠᠲᠦ ᠠᠵᠢᠯᠯᠠᠭ᠎ᠠ ᠪᠤᠯᠭᠠᠨ ᠤᠯᠠᠷᠢᠭᠤᠯᠵᠦ᠂ ᠠᠭᠤᠤ ᠶᠡᠭᠡ ᠳᠤᠮᠳᠠᠳᠦ ᠶᠢᠨ ᠬᠦᠰᠡᠯ ᠵᠡᠬᠦᠳᠦ ᠪᠠᠨ ᠲᠡᠷᠭᠡᠯᠰᠢᠬᠦᠯᠬᠦ ᠶᠢᠨ ᠲᠦᠯᠦᠭᠡ ᠤᠢ ᠤᠬᠠᠭᠠᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠢᠯᠡᠷᠭᠡᠶᠢᠯᠡᠭᠰᠡᠨ ᠪᠠᠶᠢᠨ᠎ᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com