ᠮᠠᠨ ᠤ ᠣᠷᠣᠨ ᠤ ᠮᠥᠩᠭᠦᠨ ᠬᠥᠢᠯᠬᠡᠬᠡ ᠪᠠᠷ ᠤᠨᠢᠨ ᠳᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢᠯᠡᠳᠳᠡ ᠦᠷ᠎ᠡ ᠪᠦᠳᠦᠮᠵᠢ ᠤᠯᠪᠠ

  ᠮᠠᠨ ᠤ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠨᠢᠭᠲᠠ ᠬᠠᠮᠵᠢᠯᠴᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠮᠥᠩᠭᠦᠨ ᠭᠦᠢᠯᠭᠡᠭᠡ ᠪᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢᠯᠡᠳᠳᠡ ᠦᠷ᠎ᠡ ᠪᠦᠳᠦᠮᠵᠢ ᠣᠯᠪᠠ᠃

  9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠮᠥᠩᠭᠦᠨ ᠭᠦᠢᠯᠭᠡᠭᠡ ᠪᠠᠷ ᠤᠨᠢᠨ ᠳᠡᠭᠡᠷ᠎ᠠ ᠨᠢ ᠶᠠᠳᠠᠭᠤ ᠶᠢ ᠲᠡᠳᠬᠦᠬᠦ ᠵᠢᠭᠡᠯᠡᠯᠭᠡ 1009.55 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠠᠵᠤ ᠦᠢᠯᠡᠰ ᠢᠶᠠᠷ ᠤᠨᠢᠨ ᠳᠡᠭᠡᠷ᠎ᠠ ᠨᠢ ᠶᠠᠳᠠᠭᠤ ᠶᠢ ᠲᠡᠳᠬᠦᠬᠦ ᠵᠢᠭᠡᠯᠡᠯᠭᠡ 465.27 ᠳ᠋ᠦᠩᠰᠢᠭᠤᠷ ᠲᠥᠭᠦᠷᠢᠭ᠂ ᠬᠤᠪᠢ ᠬᠥᠮᠦᠨ ᠤ ᠤᠨᠢᠨ ᠳᠡᠭᠡᠷ᠎ᠠ ᠨᠢ ᠶᠠᠳᠠᠭᠤ ᠶᠢ ᠲᠡᠳᠬᠦᠬᠦ ᠵᠢᠭᠡᠯᠡᠯᠭᠡ 154.95 ᠳ᠋ᠦᠩᠰᠢᠭᠤᠷ ᠲᠥᠭᠦᠷᠢᠭ᠂ ᠲᠥᠷᠥᠯ ᠵᠦᠢᠯ ᠢᠶᠠᠷ ᠤᠨᠢᠨ ᠳᠡᠭᠡᠷ᠎ᠠ ᠨᠢ ᠶᠠᠳᠠᠭᠤ ᠶᠢ ᠲᠡᠳᠬᠦᠬᠦ ᠵᠢᠭᠡᠯᠡᠯᠭᠡ 389.34 ᠳ᠋ᠦᠩᠰᠢᠭᠤᠷ ᠲᠥᠭᠦᠷᠢᠭ ᠲᠤ ᠬᠦᠷᠴᠡᠶ᠃

  ᠡᠨᠡ ᠵᠢᠯ ᠠᠴᠠ ᠨᠠᠭᠠᠰᠢ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠶᠠᠳᠠᠭᠤ ᠶᠢ ᠲᠡᠳᠬᠦᠬᠦ ᠪᠠᠭ᠎ᠠ ᠬᠡᠮᠵᠢᠶᠡᠨ ᠤ ᠢᠲᠡᠭᠡᠮᠵᠢᠲᠦ ᠵᠢᠭᠡᠯᠡᠯᠭᠡ ᠪᠠᠷ ᠭᠠᠷᠲᠠᠴᠠ ᠪᠣᠯᠭᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠶᠢᠨ ᠬᠦᠴᠢᠷ ᠠᠰᠠᠭᠤᠳᠠᠯ ᠢ ᠨᠠᠮᠳᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠡᠮᠵᠢᠬᠦ ᠪᠠᠷ ᠭᠤᠤᠯ ᠪᠣᠯᠭᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠢᠰᠤ ᠪᠦᠲᠦᠭᠡᠬᠦ ᠴᠢᠳᠠᠮᠵᠢ ᠶᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠵᠤ ᠪᠤᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com