ᠮᠠ ᠰᠢᠤᠸᠠᠢ ᠵᠢᠶᠦ᠋ᠨ ᠰᠢᠯᠢ ᠶᠢᠨ ᠭᠤᠤᠯ ᠠᠶᠢᠮᠠᠬ ᠤᠨ ᠳᠠᠶᠢᠪᠦᠰᠧ ᠬᠤᠰᠢᠭᠤᠨ ᠳᠤ ᠪᠠᠶᠢᠴᠠᠭᠠᠨ ᠰᠤᠳᠤᠯᠬᠤ ᠳ᠋ᠠᠭᠠᠨ‌‍ᠰᠢᠢᠳᠪᠦᠷᠢᠳᠦ ᠳᠠᠶᠢᠯᠠᠯᠳᠤᠭᠠᠨ ᠳᠤ ᠰᠢᠢᠳᠪᠦᠷᠢᠳᠦ ᠢᠯᠠᠯᠳᠠ ᠤᠯᠬᠤ ᠳᠦᠷᠰᠦ ᠪᠠᠶᠢᠳᠠᠯ ᠢᠶᠠᠨ ᠪᠠᠳᠤᠯᠠᠬᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠳᠠ ᠶᠢ ᠲᠤᠭᠤᠰᠢᠳᠠᠢ ᠲᠡᠮᠡᠴᠡᠨ ᠤᠯᠬᠤ ᠬᠡᠷᠡᠭᠳᠡᠢ ᠭᠡᠵᠦ ᠴᠢᠬᠤᠯᠠᠴᠢᠯᠠᠪᠠ

  12 ᠰᠠᠷ᠎ᠠ ᠶᠢᠨ 3᠎ ᠠᠴᠠ 4᠎ ᠤ ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ ᠰᠢᠯᠢ ᠶᠢᠨ ᠭᠤᠤᠯ ᠠᠶᠢᠮᠠᠬ ᠤᠨ ᠳᠠᠶᠢᠪᠤᠰᠧ ᠬᠤᠰᠢᠭᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ᠃

  ᠮᠠ ᠰᠢᠤᠸᠠᠢ ᠵᠢᠶᠦ᠋ᠨ ᠤᠷᠢᠳ ᠬᠤᠵᠢᠳ ᠳ᠋ᠧ ᠴᠢᠩ ᠶᠤᠸᠠᠨ ᠤ ᠠᠯᠳᠠᠨ ᠳᠠᠬᠢᠶ᠎ᠠ ᠠᠵᠦ ᠤᠢᠢᠯᠡᠰ ᠤᠨ ᠶᠠᠳᠠᠭᠤ ᠶᠢ ᠳᠡᠳᠬᠦᠬᠦ ᠳᠦᠷᠦᠯ ᠵᠦᠢᠯ᠂ ᠹᠦ᠋ ᠱᠧᠩ ᠨᠠᠷᠠᠨ ᠡᠨᠧᠷᠬᠢ ᠶᠢᠨ ᠬᠡᠷᠡᠯᠴᠢ ᠴᠡᠨᠡᠭ ᠤᠨ ᠶᠠᠳᠠᠭᠤ ᠶᠢ ᠳᠡᠳᠬᠦᠬᠦ ᠳᠠᠷᠢᠶᠠᠯᠠᠩ ᠤᠨ ᠰᠢᠨᠵᠢᠯᠡᠬᠦ ᠤᠬᠠᠭᠠᠨ ᠤ ᠳᠧᠭ᠌ᠨᠢᠭ ᠮᠡᠷᠬᠡᠵᠢᠯ ᠤᠨ ᠵᠢᠱᠢᠶ᠎ᠠ ᠦᠵᠡᠬᠦᠯᠬᠦ ᠬᠦᠷᠢᠶᠡᠯᠡᠩ ᠵᠡᠷᠬᠡ ᠭᠠᠵᠠᠷ ᠢᠶᠠᠷ ᠠᠵᠦ ᠠᠬᠤᠢᠢᠯᠠᠯ ᠤᠨ ᠡᠵᠡᠩᠨᠡᠯᠳᠡ ᠶᠢᠨ ᠪᠠᠶᠢᠳᠠᠯ ᠪᠤᠯᠤᠨ ᠶᠠᠳᠠᠭᠤ ᠶᠢ ᠳᠡᠳᠬᠦᠬᠦ ᠠᠵᠢᠯ ᠢ ᠳᠠᠶᠢᠴᠢᠯᠠᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠦ᠂ ᠭᠠᠷ ᠤᠷᠠᠯᠠᠯ ᠢᠶᠠᠷ ᠬᠦᠯ ᠪᠦᠮᠪᠦᠭᠡ ᠤᠶᠤᠵᠦ ᠦᠢᠯᠡᠳᠬᠦ᠂ ᠴᠠᠭᠠᠰᠤᠨ ᠤᠭᠤᠳᠠ᠂ ᠬᠦᠷᠦᠮᠡᠯ ᠤᠭᠤᠳᠠ ᠤᠶᠤᠵᠦ ᠦᠢᠯᠡᠳᠬᠦ ᠵᠡᠷᠬᠡ ᠶᠠᠳᠠᠭᠤ ᠶᠢ ᠳᠡᠳᠬᠦᠬᠦ ᠦᠢᠯᠡᠳᠪᠤᠷᠢ ᠶᠢᠨ ᠳᠠᠰᠤᠬ ᠤᠨ ᠦᠢᠯᠡᠳᠪᠤᠷᠢᠯᠡᠯ ᠤᠨ ᠪᠠᠶᠢᠳᠠᠯ ᠢ ᠳᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠢᠶᠡᠨ ᠴᠢᠶᠠᠩ ᠳᠤᠰᠬᠤᠨ᠂ ᠰᠢᠶᠠᠩ ᠶᠠᠩ ᠳᠤᠰᠬᠤᠨ ᠤ ᠶᠠᠳᠠᠭᠤ ᠬᠦᠴᠢᠷᠳᠡᠯᠳᠡᠢ ᠬᠡᠷ ᠡᠷᠦᠬᠡ ᠶᠢ ᠡᠷᠬᠢᠨ ᠦᠵᠡᠵᠦ ᠳᠤᠬᠤᠨᠢᠭᠤᠯᠤᠬᠰᠠᠨ ᠤ ᠬᠠᠮᠳᠤ᠂ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠤᠢᠢᠯᠠᠭᠠᠪᠠ᠃

  ᠮᠠ ᠰᠢᠤᠸᠠᠢ ᠵᠢᠶᠦ᠋ᠨ᠂ ᠡᠷᠬᠡᠪᠰᠢ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠷᠢᠴᠠᠩᠭᠤᠢ ᠶᠠᠳᠠᠭᠤ ᠬᠦᠴᠢᠷᠳᠡᠯᠳᠡᠢ ᠪᠠᠶᠢᠭ᠎ᠠ ᠠᠰᠠᠭᠤᠳᠠᠯ ᠢ ᠰᠢᠢᠳᠪᠤᠷᠢᠯᠡᠬᠦ ᠤᠷᠳᠤ ᠬᠤᠭᠤᠴᠠᠭᠠᠨ ᠤ ᠦᠷ᠎ᠠ ᠪᠦᠳᠦᠮᠵᠢᠳᠠᠢ ᠳᠤᠬᠳᠠᠴᠠ ᠶᠢ ᠬᠦᠴᠦᠯᠡᠨ ᠪᠠᠶᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠡᠨᠡ ᠬᠦ ᠬᠠᠮᠤᠬ ᠤᠨ ᠴᠢᠩᠭ᠎ᠠ ᠬᠠᠳᠠᠭᠤ ᠡᠬᠦᠷᠬᠡ ᠶᠢ ᠨᠢᠬᠡ ᠯᠡ ᠳᠡᠬᠡᠷ᠎ᠠ ᠳᠤᠭᠤᠰᠢᠳᠠᠢ ᠪᠡᠶᠡᠯᠡᠬᠦᠯᠬᠦ ᠬᠡᠷᠡᠭᠳᠡᠢ᠃ ᠡᠷᠬᠡᠪᠰᠢ ᠦᠯᠡᠬᠦᠦ ᠶᠠᠳᠠᠭᠤ ᠬᠦᠴᠢᠷᠳᠡᠯᠳᠡᠢ ᠬᠦᠮᠦᠨ ᠠᠮᠠ ᠳᠤ ᠠᠩᠬᠠᠷᠤᠯ ᠢᠶᠠᠨ ᠳᠦᠪᠯᠡᠷᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠬᠢᠨᠡᠨ ᠰᠢᠯᠭᠠᠬᠤ ᠱᠠᠭᠠᠷᠳᠠᠯᠭ᠎ᠠ ᠪᠠᠷ ᠬᠠᠷᠢᠴᠠᠭᠤᠯᠤᠯ ᠪᠤᠯᠭᠠᠵᠦ᠂ ᠵᠦᠷᠢᠶ᠎ᠡ ᠪᠠᠨ ᠡᠷᠢᠵᠦ᠂ ᠳᠤᠳᠠᠭᠤᠳᠠᠯ ᠢᠶᠠᠨ ᠨᠦᠬᠦᠪᠦᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠦ᠂ ᠬᠠᠳᠬᠤᠮᠠᠯ ᠬᠠᠳᠬᠤᠬᠤ ᠤᠷ᠎ᠠ ᠠᠪᠢᠶᠠᠰ ᠢᠶᠠᠨ ᠬᠦᠢᠴᠡᠳ ᠪᠠᠳᠠᠷᠠᠭᠤᠯᠵᠦ᠂ ᠳᠤᠰᠬᠤᠨ ᠡᠷᠦᠬᠡ ᠪᠤᠯᠤᠨ ᠬᠦᠮᠦᠨ ᠳᠠᠷᠠᠭᠠᠯᠠᠨ ᠡᠷᠬᠢᠨ ᠬᠠᠷᠠᠬᠤ ᠠᠵᠢᠯᠯᠠᠭ᠎ᠠ ᠦᠷᠨᠢᠬᠦᠯᠵᠦ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠠ ᠪᠦᠳᠦᠮᠵᠢ ᠶᠢᠨ ᠰᠢᠯᠭᠠᠯᠳᠠ ᠳᠠᠭᠠᠭᠠᠵᠦ ᠳᠡᠶᠢᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ ᠪᠠᠶᠢᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠦ᠂ ᠬᠦᠳᠡᠯᠦᠩᠬᠦᠢ ᠬᠠᠮᠢᠶᠠᠷᠤᠯᠳᠠ ᠶᠢ ᠴᠢᠩᠭᠠᠳᠬᠠᠵᠦ᠂ ᠬᠡᠳᠡᠷᠬᠦ ᠶᠠᠳᠠᠭᠤᠷᠠᠬᠤ ᠶᠢ ᠬᠢᠨᠡᠨ ᠬᠡᠮᠵᠢᠬᠦ ᠡᠷᠴᠢᠮ ᠢ ᠴᠢᠩᠭᠠᠷᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠦᠷ᠎ᠠ ᠪᠦᠳᠦᠮᠵᠢ ᠶᠢ ᠦᠷᠬᠦᠯᠵᠢᠯᠡᠨ ᠪᠠᠬᠢᠵᠢᠬᠦᠯᠵᠦ᠂ ᠴᠢᠨᠠᠷ ᠰᠠᠶᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠳᠡᠮᠡᠴᠡᠨ ᠤᠯᠬᠤ ᠬᠡᠷᠡᠭᠳᠡᠢ ᠬᠡᠵᠦ ᠴᠢᠬᠤᠯᠠᠴᠢᠯᠠᠪᠠ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com