ᠮᠠ ᠰᠢᠤᠸᠠᠢ ᠵᠢᠶᠦ᠋ᠨ ᠬᠦᠯᠦᠨ ᠪᠤᠶᠢᠷ ᠲᠤ ᠪᠠᠶᠢᠴᠠᠭᠠᠨ ᠰᠤᠳᠤᠯᠬᠤ ᠳᠠᠭᠠᠨ ᠳᠠᠭᠠᠷᠢᠯᠳᠠ ᠬᠢᠬᠦ ᠡᠷᠴᠢ ᠵᠣᠷᠢᠭ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ

  12 ᠰᠠᠷ᠎ᠠ ᠶᠢᠨ 10᠎ ᠠᠴᠠ 11᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠦᠯᠦᠨ ᠪᠤᠶᠢᠷ ᠬᠤᠳᠠ ᠶᠢᠨ ᠮᠤᠷᠢᠨᠳᠠᠪᠠᠭ᠎ᠠ ᠶᠢᠨ ᠳᠠᠭᠤᠷ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ ᠪᠠ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠪᠠ᠃

  ᠮᠠ ᠰᠢᠤᠸᠠᠢ ᠵᠢᠶᠦ᠋ᠨ ᠤᠷᠢᠳ ᠬᠤᠵᠢᠳ ᠮᠤᠷᠢᠨᠳᠠᠪᠠᠭ᠎ᠠ ᠶᠢᠨ ᠳᠠᠭᠤᠷ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤᠨ ᠤ ᠭᠡᠷᠡᠯᠴᠢ ᠴᠡᠨᠡᠭ ᠤᠨ ᠶᠠᠳᠠᠭᠤ ᠶᠢ ᠳᠡᠳᠬᠦᠬᠦ ᠴᠠᠬᠢᠯᠭᠠᠨ ᠭᠠᠷᠭᠠᠬᠤ ᠦᠷᠳᠡᠭᠡ᠂ ᠪᠸᠢ ᠶᠢᠩ ᠬᠤᠪᠴᠠᠰᠤᠨ ᠤ ᠺᠤᠮᠫᠠᠨᠢ ᠶᠢᠨ ᠶᠠᠳᠠᠭᠤ ᠶᠢ ᠳᠡᠳᠬᠦᠬᠦ ᠦᠢᠯᠡᠳᠪᠤᠷᠢ ᠶᠢᠨ ᠳᠠᠰᠤᠭ᠂ ᠰᠢᠩ ᠳ᠋ᠠ ᠠᠮᠤ ᠪᠤᠳᠠᠭᠠᠨ ᠤ ᠬᠢᠵᠠᠭᠠᠷᠳᠦ ᠺᠤᠮᠫᠠᠨᠢ᠂ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠦ ᠪᠠᠯᠭᠠᠰᠤ ᠶᠢᠨ ᠵᠧᠨ ᠰᠢᠩ ᠲᠤᠰᠬᠤᠨ ᠵᠡᠷᠭᠡ ᠭᠠᠵᠠᠷ ᠢᠶᠠᠷ ᠬᠦᠨᠵᠡᠭᠡᠶᠢᠷᠡᠨ ᠠᠵᠤ ᠦᠢᠯᠡᠰ ᠤᠨ ᠬᠦᠭᠵᠢᠯᠳᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠲᠠᠶᠢᠴᠢᠯᠠᠬᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠰᠠᠭᠤᠨ ᠰᠤᠷᠠᠵᠦ ᠤᠢᠢᠯᠠᠭᠠᠪᠠ᠃

  ᠮᠠ ᠰᠢᠤᠸᠠᠢ ᠵᠢᠶᠦ᠋ᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠨᠢᠭᠡᠨᠳᠠ ᠬᠠᠮᠤᠭ ᠡᠴᠦᠰ ᠤᠨ ᠰᠢᠪᠳᠤᠯᠤᠯᠳᠠ ᠶᠢᠨ ᠱᠠᠳᠤᠨ ᠳᠤ ᠤᠷᠤᠵᠠᠢ᠂ ᠶᠡᠷᠦᠩᠭᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠴᠢᠬᠤᠯᠠ ᠦᠬᠦᠯᠡᠯᠳᠠ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠡᠷᠴᠢᠮ ᠰᠤᠯᠠᠷᠠᠵᠦ ᠠᠯᠮᠠᠶᠢᠷᠠᠬᠤ ᠪᠤᠳᠤᠯ ᠢ ᠡᠷᠡᠰ ᠵᠠᠯᠠᠷᠠᠭᠤᠯᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ᠂ ᠤᠨᠴᠠᠭᠠᠢ ᠶᠠᠳᠠᠭᠤ ᠬᠦᠴᠢᠷᠳᠡᠯᠳᠠᠢ ᠤᠯᠠᠨ ᠲᠦᠮᠡᠨ ᠪᠠ ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ᠎ ᠶᠢᠨ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠦ᠂ ᠨᠠᠷᠢᠨ ᠤᠨᠤᠪᠴᠢᠳᠠᠢ ᠪᠠᠶᠢᠬᠤ ᠳᠡᠭᠡᠷ᠎ᠠ ᠢᠮᠠᠬᠳᠠ ᠠᠩᠬᠠᠷᠤᠯ ᠲᠦᠪᠯᠡᠷᠡᠬᠦᠯᠵᠦ᠂ ᠤᠷᠬᠢᠬᠳᠠᠭᠰᠠᠨ ᠢ ᠪᠠᠶᠢᠴᠠᠭᠠᠨ ᠲᠤᠳᠠᠭᠤᠳᠠᠯ ᠢ ᠨᠦᠬᠦᠪᠦᠷᠢᠯᠡᠵᠦ᠂ ᠪᠡᠷᠭᠡ ᠶᠢ ᠳᠠᠪᠠᠨ ᠬᠦᠴᠢᠷ ᠢ ᠲᠤᠭᠤᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠪᠠᠬᠢᠵᠢᠬᠦᠯᠦᠨ ᠳᠡᠭᠡᠭᠰᠢᠯᠡᠬᠦᠯᠬᠦ ᠭᠡᠷᠡᠭᠲᠡᠢ᠃ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠤᠶᠢᠳᠤᠬᠢ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠤᠳᠠᠳᠠᠢ ᠠᠬᠢᠭᠤᠯᠤᠨ᠂ ᠴᠢᠨᠠᠷ ᠰᠠᠶᠢᠳᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠠ ᠪᠦᠳᠦᠮᠵᠢ ᠪᠠᠷ ᠲᠤᠭᠤᠷᠢᠨ ᠪᠠᠶᠢᠴᠠᠭᠠᠬᠤ ᠶᠢᠨ ᠡᠷᠬᠢᠨ ᠬᠠᠷᠠᠬᠤ ᠠᠵᠢᠯ ᠢ ᠤᠬᠳᠤᠬᠤ ᠭᠡᠷᠡᠭᠲᠡᠢ᠃ ᠪᠤᠳᠠᠳᠠᠢ ᠪᠠᠶᠢᠳᠠᠯ ᠳᠤᠨᠢ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠪᠤᠶᠢᠵᠢᠭᠤᠯᠤᠨ ᠪᠤᠵᠠᠭᠠᠢᠢᠷᠠᠭᠤᠯᠵᠤ᠂ ᠶᠠᠳᠠᠭᠤ ᠶᠢ ᠳᠡᠳᠬᠦᠬᠦ ᠠᠵᠤ ᠦᠢᠯᠡᠰ ᠤᠨ ᠪᠦᠷᠬᠦᠴᠡ ᠶᠢ ᠴᠢᠨᠠᠬᠰᠢᠳᠠ ᠦᠷᠭᠡᠳᠭᠡᠨ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠪᠠᠶᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠪᠦᠬᠦ ᠲᠠᠯ᠎ᠠ ᠶᠢᠨ ᠢᠯᠡᠯᠳᠠ ᠤᠯᠬᠤ ᠶᠢ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com