ᠪᠦᠬᠦ ᠤᠷᠤᠨ᠎ ᠤ ᠭᠠᠴᠠᠭ᠎ᠠ ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠴᠢᠨᠠᠷ ᠰᠠᠶᠢᠳᠠᠢ ᠪᠡᠶᠡᠯᠡᠬᠦᠯᠪᠡ

  ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠬᠤᠶᠠᠷ ᠵᠦᠪᠯᠡᠯ ᠤᠨ ᠪᠠᠭ ᠤᠨ ᠬᠤᠭᠤᠴᠠᠭ᠎ᠠ ᠰᠤᠯᠢᠬᠤ ᠰᠤᠩᠭᠤᠭᠤᠯᠢ ᠪᠤᠯ ᠡᠨᠡ ᠵᠢᠯ ᠤᠨ ᠮᠠᠨ᠎ ᠤ ᠤᠷᠤᠨ᠎ ᠤ ᠦᠨᠳᠦᠰᠦᠨ ᠱᠠᠳᠤᠨ᠎ ᠤ ᠤᠯᠤᠰ ᠲᠦᠷᠦ ᠶᠢᠨ ᠠᠮᠢᠳᠤᠷᠠᠯ ᠳᠠᠬᠢ ᠶᠡᠭᠡ ᠶᠠᠪᠤᠳᠠᠯ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠰᠢᠯᠢᠳᠡᠭ ᠢ ᠨᠢ ᠰᠤᠩᠭᠤᠨ ᠴᠢᠩᠭ᠎ᠠ ᠲᠤᠬᠢᠷᠠᠭᠤᠯᠬᠤ᠂ ᠲᠠᠭᠠᠭᠤᠯᠤᠭᠴᠢ ᠶᠢᠨ ᠡᠩᠨᠡᠭᠡ ᠶᠢ ᠲᠡᠭᠡᠭᠰᠢᠯᠡᠬᠦᠯᠬᠦ ᠶᠢ ᠴᠢᠬᠤᠯᠠ ᠠᠴᠠ ᠴᠢᠬᠤᠯᠠ ᠠᠵᠢᠯ ᠪᠤᠯᠭᠠᠵᠥ᠂ ᠨᠢᠬᠡᠳᠤᠯᠳᠡᠢ ᠲᠦᠯᠥᠪᠵᠢᠬᠦᠯᠥᠨ ᠤᠳᠤᠷᠢᠳᠬᠤ ᠪᠠᠨ ᠴᠢᠩᠭᠠᠳᠬᠠᠬᠤ᠂ ᠵᠤᠬᠢᠶᠠᠨ ᠪᠠᠶᠢᠭᠤᠯᠵᠥ ᠵᠢᠯᠤᠭᠤᠳᠬᠤ᠂ ᠠᠵᠢᠯ ᠢ ᠱᠠᠭᠠᠷᠳᠠᠨ ᠵᠢᠯᠤᠭᠤᠳᠬᠤ ᠪᠤᠯᠤᠨ ᠤᠬᠠᠭᠤᠯᠵᠥ ᠬᠦᠳᠦᠯᠥᠨ ᠲᠠᠭᠠᠭᠤᠯᠬᠤ ᠪᠠᠷ ᠲᠡᠮᠵᠢᠨ᠂ ᠰᠠᠶᠢᠨ ᠪᠠᠭ ᠢ ᠰᠤᠩᠭᠤᠨ ᠭᠠᠷᠭᠠᠬᠤ᠂ ᠰᠠᠶᠢᠨ ᠡᠩᠨᠡᠭᠡ ᠶᠢ ᠴᠢᠩᠭ᠎ᠠ ᠲᠤᠬᠢᠷᠠᠭᠤᠯᠬᠤ᠂ ᠰᠠᠶᠢᠨ ᠪᠠᠶᠢᠳᠠᠯ ᠢ ᠭᠠᠷᠭᠠᠬᠤ᠂ ᠰᠠᠶᠢᠨ ᠰᠤᠷᠳᠠᠯ ᠢ ᠪᠦᠷᠢᠯᠳᠦᠬᠦᠯᠬᠦ᠂ ᠰᠠᠶᠢᠨ ᠲᠤᠭᠳᠠᠴᠠ ᠶᠢ ᠲᠡᠬᠦᠯᠳᠡᠷᠵᠢᠬᠦᠯᠬᠦ  ᠲᠠᠪᠤᠨ ᠰᠠᠶᠢᠨ᠎ ᠤ ᠬᠠᠷᠠᠯᠳᠠ ᠶᠢ ᠪᠡᠶᠡᠯᠡᠬᠦᠯᠥᠭᠰᠡᠡ ᠪᠠᠶᠢᠨ᠎ᠠ᠃ 6 ᠰᠠᠷ᠎ᠠ ᠶᠢᠨ 29᠎ ᠤ ᠡᠳᠤᠷ ᠪᠤᠯᠳᠠᠯ᠎ᠠ᠂ ᠪᠦᠬᠦ ᠤᠷᠤᠨ᠎ ᠤ 11060 ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠪᠤᠯᠭᠠᠨ ᠬᠤᠪᠢᠷᠠᠭᠤᠯᠤᠭᠰᠠᠠ 42 ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠪᠦᠬᠦᠨ ᠢ ᠴᠢᠨᠠᠷ ᠰᠠᠶᠢᠳᠠᠢ ᠪᠡᠶᠡᠯᠡᠬᠦᠯᠵᠥ᠂ ᠪᠡᠶᠡᠯᠡᠬᠦᠯᠥᠭᠰᠡᠡ ᠨᠤᠷᠮ᠎ᠡ 100% ᠳᠤ ᠬᠦᠷᠴᠦ᠂ ᠨᠢᠬᠡ ᠤᠳᠠᠭ᠎ᠠ ᠳᠤ ᠪᠦᠳᠦᠮᠵᠢᠳᠡᠢ ᠰᠤᠩᠭᠤᠭᠰᠠᠠ ᠨᠤᠷᠮ᠎ᠡ 100% ᠳᠤ ᠬᠦᠷᠴᠦ᠂ ᠭᠠᠴᠠᠭ᠎ᠠ ᠲᠤᠰᠬᠤᠨ (ᠨᠡᠶᠢᠬᠡᠮ ᠲᠤᠭᠤᠷᠢᠭ)᠎ ᠤ ᠰᠢᠨ᠎ᠡ ᠨᠢᠬᠡ ᠬᠤᠭᠤᠴᠠᠭᠠᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠭ ᠤᠨ ᠪᠦᠷᠢᠯᠳᠦᠬᠦᠨ 40725 ᠬᠦᠮᠥᠨ ᠢ ᠰᠢᠨ᠎ᠡ ᠪᠠᠷ ᠰᠤᠩᠭᠤᠨ ᠭᠠᠷᠭᠠᠭᠰᠠᠠ ᠪᠠᠶᠢᠨ᠎ᠠ᠃

  ᠦᠨᠳᠤᠷ ᠪᠠᠷᠢᠮᠵᠢᠶ᠎ᠠ ᠤᠯᠠᠨ ᠠᠷᠭ᠎ᠠ ᠵᠠᠮ ᠴᠢᠩᠭ᠎ᠠ ᠬᠢᠨᠠᠨ ᠬᠠᠷᠭᠤᠭᠤᠯᠬᠤ ᠶᠢ ᠪᠠᠷᠢᠮᠳᠠᠯᠠᠵᠥ᠂ ᠬᠦᠮᠥᠨ ᠢ ᠰᠤᠩᠭᠤᠬᠤ ᠳᠤ ᠬᠦᠴᠢᠷ ᠠᠰᠠᠭᠤᠳᠠᠯ ᠢ ᠰᠢᠢᠳᠪᠤᠷᠢᠯᠡᠵᠥ᠂ ᠦᠨᠳᠤᠷ ᠬᠡᠪ ᠪᠤᠯᠪᠠᠰᠤᠷᠠᠯ ᠲᠠᠢ ᠭᠠᠴᠠᠭ᠎ᠠ ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠺᠠᠳ᠋ᠷ ᠤᠨ ᠡᠩᠨᠡᠭᠡ ᠶᠢ ᠪᠠᠶᠢᠭᠤᠯᠤᠭᠰᠠᠠ ᠪᠠᠶᠢᠨ᠎ᠠ᠃ ᠨᠢᠬᠡ ᠳᠤ᠂ ᠬᠦᠮᠥᠨ ᠰᠤᠩᠭᠤᠬᠤ ᠨᠦᠬᠦᠴᠡᠯ ᠢ ᠴᠢᠩᠳᠠᠯᠠᠪᠠ᠃ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠎ ᠤ ᠢᠯᠠᠯᠳᠠ ᠶᠢ ᠤᠯᠬᠤ ᠪᠤᠳᠠᠳᠠᠢ ᠬᠡᠷᠡᠭᠴᠡᠭᠡ ᠪᠠᠷ ᠭᠤᠤᠯᠳᠠᠭᠤᠯᠵᠥ᠂  ᠲᠠᠪᠤ ᠳᠤ ᠴᠠᠭᠠᠷᠠᠭᠰᠠᠠ ᠪᠠᠶᠢᠬᠤ ᠬᠦᠮᠥᠨ ᠰᠤᠩᠭᠤᠬᠤ ᠪᠠᠷᠢᠮᠵᠢᠶ᠎ᠡ ᠶᠢ ᠲᠤᠷᠠᠳᠴᠦ᠂ ᠠᠷᠪᠠᠨ ᠦᠯᠥ ᠪᠤᠯᠬᠤ ᠡᠰᠡᠷᠬᠦ ᠲᠠᠯ᠎ᠠ ᠶᠢᠨ ᠲᠤᠳᠤᠷᠬᠠᠢ ᠲᠠᠩᠰᠠ ᠶᠢ ᠵᠢᠭᠰᠠᠭᠠᠵᠥ᠂ ᠤᠯᠤᠰ ᠲᠦᠷᠦ᠂ ᠴᠢᠳᠠᠪᠤᠷᠢ᠂ ᠰᠤᠷᠳᠠᠯ ᠵᠡᠷᠬᠡ ᠲᠠᠯ᠎ᠠ ᠪᠠᠷ ᠬᠦᠮᠥᠨ ᠰᠤᠩᠭᠤᠬᠤ ᠬᠠᠳᠠᠭᠤ ᠪᠠᠷᠢᠮᠵᠢᠶ᠎ᠠ ᠶᠢ ᠭᠠᠷᠭᠠᠵᠥ᠂ ᠮᠠᠯ ᠠᠵᠥ ᠠᠬᠤᠢ ᠲᠠᠷᠢᠶᠠᠯᠠᠩ ᠢ ᠤᠢᠢᠯᠠᠭᠠᠳᠠᠭ᠂ ᠮᠠᠯᠵᠢᠬᠤ ᠲᠠᠷᠢᠶᠠᠯᠠᠬᠤ ᠤᠷᠤᠨ ᠳᠤ ᠬᠠᠶᠢᠷᠠᠳᠠᠢ᠂ ᠮᠠᠯᠴᠢᠨ ᠲᠠᠷᠢᠶᠠᠴᠢᠨ ᠳᠤ ᠬᠠᠶᠢᠷᠠᠳᠠᠢ ᠦᠨᠳᠦᠰᠦᠨ ᠱᠠᠳᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠭᠠᠭᠤᠯᠤᠭᠴᠢ ᠶᠢᠨ ᠡᠩᠨᠡᠭᠡ ᠶᠢ ᠰᠤᠩᠭᠤᠬᠤ ᠶᠢ ᠦᠨᠡᠨᠬᠦ ᠪᠠᠳᠤᠯᠠᠪᠠ᠃ ᠬᠤᠶᠠᠷ ᠲᠤ᠂ ᠬᠦᠮᠦᠨ ᠰᠤᠩᠭᠤᠬᠤ ᠵᠠᠮ ᠢ ᠦᠷᠭᠡᠳᠭᠡᠪᠡ᠃ ᠭᠠᠴᠠᠭ᠎ᠠ ᠲᠤᠰᠬᠤᠨ᠎ ᠤ ᠺᠠᠳ᠋ᠷ ᠤᠨ ᠡᠩᠨᠡᠭᠡ ᠶᠢᠨ ᠨᠠᠰᠤᠵᠢᠬᠤ ᠬᠠᠨᠳᠤᠰᠢ ᠪᠤᠯᠤᠨ ᠬᠦᠮᠦᠨ ᠰᠤᠩᠭᠤᠬᠤ ᠳᠤ ᠬᠦᠴᠢᠷ ᠵᠡᠷᠭᠡ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠠᠭᠤᠴᠢᠨ ᠰᠡᠳᠭᠢᠬᠦᠢ ᠶᠢᠨ ᠵᠠᠭᠪᠤᠷ ᠢ ᠲᠠᠶᠠᠭᠳᠠᠵᠤ᠂ ᠪᠦᠬᠦ ᠤᠷᠤᠨ᠎ ᠤ ᠭᠠᠴᠠᠭ᠎ᠠ ᠲᠤᠰᠬᠤᠨ᠎ ᠤ ᠨᠠᠮ ᠤᠨ ᠡᠭᠦᠷ ᠪᠤᠯᠤᠨ ᠲᠤᠰᠬᠤᠨ᠎ ᠤ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠳᠤ ᠰᠢᠯᠢᠳᠡᠭ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠰᠤᠩᠭᠤᠵᠤ ᠲᠤᠬᠢᠷᠠᠭᠤᠯᠬᠤ ᠮᠡᠳᠡᠭᠳᠡᠯ ᠢ ᠲᠤᠭᠳᠠᠭᠠᠵᠤ᠂ ᠵᠢᠷᠭᠤᠭᠠᠨ ᠨᠢᠭᠡ ᠪᠦᠯᠦᠭ  ᠤᠨ ᠠᠷᠭ᠎ᠠ ᠶᠢ ᠬᠡᠷᠡᠭᠯᠡᠵᠤ᠂ ᠰᠢᠯᠢᠳᠡᠭ ᠴᠢᠳᠠᠪᠤᠷᠢᠳᠠᠨ ᠲᠤᠰᠬᠤᠨ ᠳᠠᠭᠠᠨ ᠬᠠᠷᠢᠵᠤ ᠲᠤᠰᠢᠶᠠᠯ ᠡᠭᠦᠷᠭᠡᠯᠡᠵᠤ ᠦᠢᠯᠡᠰ ᠪᠤᠰᠬᠠᠬᠤ ᠶᠢ ᠵᠤᠷᠢᠭᠵᠢᠭᠤᠯᠵᠤ᠂ ᠡᠯ᠎ᠠ ᠠᠵᠢᠯ ᠲᠦᠷᠦᠯ ᠤᠨ ᠰᠢᠯᠢᠳᠡᠭ ᠴᠢᠳᠠᠪᠤᠷᠢᠳᠠᠨ ᠭᠠᠴᠠᠭ᠎ᠠ ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠭ ᠲᠤ ᠤᠷᠤᠬᠤ ᠶᠢ ᠳᠡᠮᠵᠢᠪᠡ᠃ ᠦᠨᠳᠦᠰᠦᠨ ᠱᠠᠳᠤᠨ᠎ ᠤ ᠺᠠᠳ᠋ᠷ ᠤᠨ ᠪᠤᠷᠤᠭᠤ ᠶᠢ ᠪᠠᠭᠳᠠᠭᠠᠬᠤ ᠲᠤᠭᠳᠠᠴᠠ ᠶᠢ ᠢᠳᠡᠪᠬᠢᠳᠠᠢ ᠰᠦᠪᠡᠭᠴᠢᠯᠡᠵᠤ᠂ ᠭᠠᠴᠠᠭ᠎ᠠ ᠲᠤᠰᠬᠤᠨ᠎ ᠤ ᠳᠠᠭᠠᠭᠤᠯᠤᠭᠴᠢ ᠶᠢ ᠰᠤᠩᠭᠤᠬᠤ ᠲᠠᠯ᠎ᠠ ᠪᠠᠷ ᠤᠷᠤᠨ ᠵᠠᠢ ᠲᠠᠢ᠂ ᠬᠡᠷᠡᠭᠯᠡᠯᠳᠡ ᠶᠢᠨ ᠲᠠᠯ᠎ᠠ ᠪᠠᠷ ᠢᠷᠡᠯᠳᠠ ᠲᠠᠢ ᠪᠠᠶᠢᠬᠤ ᠶᠢ ᠪᠠᠳᠤᠯᠠᠪᠠ᠃ ᠰᠢᠨ᠎ᠠ ᠪᠠᠷ ᠰᠤᠩᠭᠤᠭᠳᠠᠭᠰᠠᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠳᠤᠳᠤᠷ᠎ᠠ᠂ ᠳᠡᠭᠡᠷ᠎ᠠ ᠬᠤᠭᠤᠴᠠᠭᠠᠨ᠎ ᠤ ᠺᠠᠳ᠋ᠷ ᠳᠤᠮᠳᠠ ᠠᠴᠠ ᠰᠢᠯᠢᠳᠡᠭ ᠢ ᠨᠢ ᠰᠤᠩᠭᠤᠵᠤ 7778 ᠬᠦᠮᠦᠨ ᠢ ᠦᠯᠡᠳᠡᠭᠡᠵᠤ᠂ ᠡᠭᠦᠨ ᠳᠤ ᠪᠠᠶᠠᠵᠢᠯ ᠤᠨ ᠳᠠᠭᠠᠭᠤᠯᠤᠭᠴᠢ ᠪᠤᠯᠬᠤ 1337 ᠬᠦᠮᠦᠨ ᠢ ᠳᠠᠳᠠᠨ ᠤᠷᠤᠭᠤᠯᠵᠤ᠂ ᠭᠠᠳᠠᠭᠰᠢ ᠭᠠᠷᠴᠤ ᠬᠦᠯᠦᠰᠦᠨ ᠠᠵᠢᠯ ᠬᠢᠭᠰᠡᠨ ᠪᠤᠶᠤ ᠬᠤᠳᠠᠯᠳᠤᠭ᠎ᠠ ᠬᠢᠭᠰᠡᠨ ᠵᠢᠴᠢ ᠨᠤᠲᠤᠭ ᠲᠠᠭᠠᠨ ᠬᠠᠷᠢᠭᠰᠠᠨ ᠤᠶᠤᠳᠠᠨ ᠢ 278 ᠳᠠᠳᠠᠨ ᠠᠪᠴᠢᠷᠠᠵᠤ᠂ ᠤᠶᠤᠳᠠᠨ ᠲᠤᠰᠬᠤᠨ᠎ ᠤ ᠲᠤᠰᠢᠶᠠᠯᠳᠠᠨ᠂ ᠴᠡᠷᠢᠭ ᠠᠴᠠ ᠬᠠᠯᠠᠭᠳᠠᠭᠰᠠᠳ ᠪᠤᠯᠤᠨ ᠲᠤᠰᠬᠤᠨ᠎ ᠤ ᠪᠠᠭᠰᠢ ᠲᠤᠰᠬᠤᠨ᠎ ᠤ ᠡᠮᠴᠢ ᠶᠢ 161 ᠰᠢᠯᠢᠨ ᠰᠤᠩᠭᠤᠵᠤ᠂ ᠠᠵᠢᠯ ᠠᠴᠠ ᠪᠠᠨ ᠠᠮᠠᠷᠠᠭᠰᠠᠳ ᠢ ᠳᠠᠬᠢᠨ ᠤᠷᠢᠭᠰᠠᠨ ᠪᠤᠯᠤᠨ ᠲᠤᠰᠬᠤᠨ ᠳᠤ ᠰᠠᠭᠤᠯᠭᠠᠬᠤ ᠺᠠᠳ᠋ᠷ ᠢ ᠰᠤᠩᠭᠤᠨ ᠲᠤᠮᠢᠯᠠᠭᠰᠠᠨ ᠨᠢ ᠨᠡᠶᠢᠳᠡ 599 ᠳᠤ ᠬᠦᠷᠴᠠᠢ᠃ ᠭᠤᠷᠪᠠ ᠳᠤ᠂ ᠵᠢᠱᠢᠭᠳᠡᠭᠴᠢ ᠶᠢᠨ ᠬᠢᠷᠢ ᠭᠡᠮ ᠢ ᠴᠢᠩᠭ᠎ᠠ ᠬᠢᠨᠠᠪᠠ᠃ ᠬᠤᠶᠠᠷ ᠱᠠᠳᠤ ᠪᠠᠷ ᠬᠠᠮᠳᠤᠷᠠᠨ ᠬᠢᠨᠠᠬᠤ ᠳᠦᠷᠢᠮ ᠢ ᠴᠢᠩᠭ᠎ᠠ ᠬᠡᠷᠡᠭᠵᠢᠭᠦᠯᠵᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠩᠬ᠎ᠠ ᠠᠯᠬᠤᠮ ᠬᠢᠨᠠᠭᠰᠠᠨ ᠰᠠᠭᠤᠷᠢᠨ ᠳᠡᠭᠡᠷ᠎ᠠ᠂ ᠬᠤᠰᠢᠭᠤ ᠰᠢᠶᠠᠨ᠎ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠪᠤᠯᠤᠨ ᠳᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠰᠢᠬᠦᠬᠦ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠦᠴᠢᠷ ᠤᠨ ᠰᠠᠨᠠᠯ ᠢ ᠲᠤᠰ ᠲᠤᠰ ᠬᠤᠷᠢᠶᠠᠵᠤ᠂ ᠬᠠᠮᠳᠤᠷᠠᠨ ᠬᠢᠨᠠᠬᠤ ᠨᠢᠭᠡᠴᠢ ᠶᠢᠨ ᠬᠢᠨᠠᠬᠤ ᠠᠭᠤᠯᠭ᠎ᠠ ᠶᠢ ᠳᠤᠳᠤᠷᠬᠠᠢᠢᠯᠠᠨ ᠨᠠᠷᠢᠯᠢᠭᠵᠢᠭᠤᠯᠵᠤ᠂ ᠵᠢᠱᠢᠭᠳᠡᠭᠴᠢ ᠶᠢᠨ ᠤᠯᠤᠰ ᠲᠦᠷᠦ ᠶᠢᠨ ᠪᠤᠭᠤᠮᠳᠠ᠂ ᠴᠢᠳᠠᠪᠤᠷᠢ ᠶᠢᠨ ᠪᠤᠭᠤᠮᠳᠠ᠂ ᠬᠠᠤᠯᠢ ᠴᠠᠭᠠᠵᠠ ᠰᠠᠬᠢᠯᠭ᠎ᠠ ᠪᠠᠳᠤ ᠶᠢᠨ ᠪᠤᠭᠤᠮᠳᠠ᠂ ᠠᠷᠢᠭᠤᠨ ᠴᠢᠭᠡᠴᠢ ᠶᠢᠨ ᠪᠤᠭᠤᠮᠳᠠ᠂ ᠤᠯᠠᠨ᠎ ᠤ ᠦᠨᠡᠯᠡᠯᠳᠡ ᠶᠢᠨ ᠪᠤᠭᠤᠮᠳᠠ ᠶᠢ ᠴᠢᠩᠭ᠎ᠠ ᠰᠠᠬᠢᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠵᠡᠷᠭᠡ ᠨᠦᠬᠦᠴᠡᠯ ᠳᠤ ᠨᠡᠶᠢᠴᠡᠬᠦ ᠦᠭᠡᠢ ᠬᠦᠮᠦᠰ ᠢ ᠤᠭᠳᠤ ᠰᠤᠩᠭᠤᠨ ᠬᠡᠷᠡᠭᠯᠡᠭᠰᠡᠨ ᠦᠭᠡᠢ᠃

  ᠤᠳᠤᠷᠢᠳᠤᠮᠵᠢ ᠶᠢ ᠠᠳᠬᠤᠵᠤ ᠡᠷᠳᠡᠬᠡᠨ ᠲᠦᠯᠦᠪᠵᠢᠭᠦᠯᠵᠤ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠳᠠᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠨ᠎ᠠ ᠴᠠᠭ ᠦᠶ᠎ᠠ ᠶᠢᠨ ᠭᠠᠴᠠᠭ᠎ᠠ ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠳᠠᠶᠢᠴᠢᠨ ᠪᠠᠬᠢᠯᠡᠯᠳᠡ ᠶᠢ ᠬᠦᠴᠦᠷᠬᠡᠭᠵᠢᠭᠦᠯᠪᠡ᠃ ᠨᠢᠭᠡ ᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠤᠯᠤᠨ ᠠᠷᠠᠳᠴᠢᠯᠠᠯ ᠢ ᠪᠠᠳᠠᠷᠠᠭᠤᠯᠬᠤ ᠶᠢ ᠤᠶᠠᠯᠳᠤᠭᠤᠯᠵᠠᠢ᠃ ᠬᠤᠭᠤᠴᠠᠭ᠎ᠠ ᠰᠤᠯᠢᠬᠤ ᠠᠵᠢᠯ ᠢ ᠵᠤᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ‍ ᠨᠢᠭᠡ ᠤᠳᠠᠭ᠎ᠠ ᠶᠢᠨ ᠠᠮᠢᠳᠤᠯᠢᠭ ᠦᠢᠯᠡᠳᠦᠯᠭᠡ ᠪᠤᠯᠭᠠᠵᠤ᠂ ᠬᠢᠷᠢ ᠬᠡᠮ ᠢ ᠬᠢᠨᠠᠨ ᠰᠢᠯᠭᠠᠬᠤ᠂ ᠵᠤᠬᠢᠶᠠᠨ ᠪᠠᠶᠢᠭᠤᠯᠵᠤ ᠰᠢᠨᠵᠢᠯᠡᠨ ᠪᠠᠶᠢᠴᠠᠭᠠᠬᠤ ᠪᠤᠯᠤᠨ ᠦᠷ᠎ᠡ ᠳ᠋ᠦᠩ ᠢ ᠬᠢᠨᠠᠨ ᠲᠤᠭᠲᠠᠭᠠᠬᠤ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠪᠠᠲᠤ ᠡᠵᠡᠮᠳᠡᠵᠦ᠂ ᠵᠤᠬᠢᠶᠠᠨ ᠪᠠᠶᠢᠭᠤᠯᠬᠤ ᠵᠤᠷᠢᠯᠲᠠ ᠪᠤᠯᠤᠨ ᠤᠯᠠᠨ ᠲᠦᠮᠡᠨ᠎ ᠤ ᠬᠦᠰᠡᠯ ᠰᠠᠨᠠᠯ ᠤᠨ ᠳᠡᠭᠡᠲᠦ ᠬᠡᠮᠵᠢᠶᠡᠨ᠎ ᠤ ᠠᠭᠤᠰᠤᠯᠴᠠᠯ ᠢ ᠪᠡᠶᠡᠯᠡᠭᠦᠯᠪᠠ᠃ ᠬᠤᠶᠠᠷ ᠲᠤ᠂ ᠤᠷᠢᠳᠴᠢᠯᠠᠨ ᠲᠦᠯᠦᠪᠵᠢᠭᠦᠯᠬᠦ ᠪᠤᠯᠤᠨ ᠪᠦᠬᠦᠯᠢ ᠴᠤᠭᠴᠠ ᠪᠠᠷ ᠰᠢᠯᠢᠳᠡᠭᠵᠢᠬᠦᠯᠬᠦ ᠶᠢᠨ ᠬᠠᠷᠢᠯᠴᠠᠨ ᠨᠢᠭᠡᠳᠦᠯ ᠢ ᠪᠠᠷᠢᠮᠲᠠᠯᠠᠪᠠ᠃ ᠰᠤᠳᠤᠯᠤᠨ ᠮᠠᠭᠠᠳᠯᠠᠬᠤ᠂ ᠴᠡᠭᠴᠡᠯᠡᠬᠦ᠂ ᠬᠢᠨᠠᠨ ᠪᠤᠳᠤᠬᠤ᠂ ᠪᠤᠯᠪᠠᠰᠤᠷᠠᠯ ᠬᠢᠬᠦ᠂ ᠤᠬᠠᠭᠤᠯᠬᠤ ᠶᠢᠨ ᠲᠠᠪᠤᠨ ᠤᠷᠢᠳᠠᠪᠠᠷ ᠢ ᠪᠠᠷᠢᠮᠲᠠᠯᠠᠵᠤ᠂ ᠳᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠤᠬᠢᠶᠠᠨ ᠪᠠᠶᠢᠭᠤᠯᠤᠯᠲᠠ ᠳᠤ ᠴᠡᠭᠴᠡᠯᠡᠨ ᠰᠠᠶᠢᠵᠢᠷᠠᠭᠤᠯᠤᠯᠲᠠ ᠬᠢᠵᠦ᠂ ᠬᠢᠨᠠᠨ ᠪᠤᠳᠤᠬᠤ ᠳᠤᠮᠳᠠ ᠠᠰᠠᠭᠤᠳᠠᠯ ᠢᠯᠡᠷᠡᠭᠦᠯᠦᠭᠰᠡᠨ ᠭᠠᠴᠠᠭ᠎ᠠ ᠲᠤᠰᠬᠤᠨ ᠳᠤ ᠦᠭᠡᠷᠡᠴᠢᠯᠡᠨ ᠰᠠᠶᠢᠵᠢᠷᠠᠭᠤᠯᠤᠯᠲᠠ ᠬᠢᠵᠦ᠂ ᠬᠠᠤᠯᠢ ᠴᠠᠭᠠᠵᠠ ᠶᠢ ᠵᠦᠷᠢᠴᠡᠵᠦ ᠰᠠᠬᠢᠯᠭ᠎ᠠ ᠪᠠᠲᠤ ᠶᠢ ᠵᠦᠷᠢᠴᠡᠭᠰᠡᠨ ᠭᠠᠴᠠᠭ᠎ᠠ ᠲᠤᠰᠬᠤᠨ᠎ ᠤ ᠺᠠᠳ᠋ᠷ ᠢ ᠰᠠᠬᠢᠯᠭ᠎ᠠ ᠪᠠᠲᠤ ᠬᠠᠤᠯᠢ ᠴᠠᠭᠠᠵᠠ ᠶᠤᠰᠤᠭᠠᠷ ᠦᠷᠭᠦᠯᠵᠢᠯᠡᠨ ᠪᠠᠶᠢᠴᠠᠭᠠᠨ ᠰᠢᠢᠳᠪᠦᠷᠢᠯᠡᠪᠡ᠃ ᠪᠦᠬᠦ ᠲᠠᠯ᠎ᠠ ᠶᠢᠨ᠂ ᠪᠤᠰᠤᠭ᠎ᠠ ᠴᠤᠭᠴᠠᠵᠢᠭᠰᠠᠨ ᠤᠬᠠᠭᠤᠯᠬᠤ ᠤᠳᠤᠷᠢᠳᠤᠮᠵᠢ ᠶᠢ ᠦᠷᠨᠢᠭᠦᠯᠵᠦ᠂ ᠮᠡᠳᠡᠭᠡ ᠵᠠᠩᠭᠢ ᠶᠢᠨ ᠲᠤᠪᠴᠢ ᠰᠤᠨᠢᠨ 500 ᠭᠠᠷᠤᠢ ᠬᠤᠭᠤᠴᠠᠭ᠎ᠠ ᠨᠠᠶᠢᠷᠠᠭᠤᠯᠤᠨ ᠲᠠᠷᠬᠠᠭᠠᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠠᠪᠰᠤᠷᠤᠨ ᠵᠢᠯᠤᠭᠤᠳᠬᠤ ᠮᠠᠲᠧᠷᠢᠶᠠᠯ 4 ᠲᠦᠮᠡ ᠭᠠᠷᠤᠢ ᠲᠡᠪᠲᠡᠷ ᠨᠠᠶᠢᠷᠠᠭᠤᠯᠤᠨ ᠳᠠᠷᠤᠮᠠᠯᠯᠠᠵᠤ᠂ ᠨᠠᠮ ᠤᠨ ᠭᠡᠰᠢᠭᠦᠨ᠎ ᠤ ᠮᠡᠳᠡᠵᠦ ᠳᠡᠶᠢᠯᠬᠦ ᠨᠤᠷᠮ᠎ᠠ 100% ᠳᠤ ᠬᠦᠷᠴᠦ᠂ ᠤᠯᠠᠨ ᠲᠦᠮᠡᠨ᠎ ᠤ ᠮᠡᠳᠡᠵᠦ ᠳᠡᠶᠢᠯᠬᠦ ᠨᠤᠷᠮ᠎ᠠ 100 % ᠠᠴᠠ ᠳᠡᠭᠡᠭᠰᠢ ᠪᠠᠶᠢᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠪᠦᠬᠦᠯᠢ ᠴᠤᠭᠴᠠ ᠪᠠᠷ ᠠᠬᠢᠭᠤᠯᠬᠤ ᠳᠤ ᠰᠠᠭᠤᠷᠢ ᠲᠠᠯᠪᠢᠵᠦ ᠦᠭᠪᠡ᠃ ᠭᠤᠷᠪᠠ ᠳᠤ᠂ ᠪᠦᠲᠦᠴᠡ ᠶᠢ ᠰᠢᠯᠢᠳᠡᠭᠵᠢᠭᠦᠯᠬᠦ ᠪᠠ ᠬᠠᠷᠢᠴᠠᠯ ᠢ ᠲᠡᠬᠡᠭᠰᠢᠯᠡᠬᠦᠯᠬᠦ ᠶᠢᠨ ᠬᠠᠷᠢᠯᠴᠠᠨ ᠤᠶᠠᠯᠳᠤᠯ ᠢ ᠪᠠᠷᠢᠮᠲᠠᠯᠠᠪᠠ᠃ ᠰᠢᠨ᠎ᠡ ᠨᠢᠭᠡ ᠡᠭᠡᠯᠵᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠭ ᠤᠨ ᠪᠦᠷᠢᠯᠳᠦᠬᠦᠨ᠎ ᠤ ᠪᠦᠲᠦᠴᠡ ᠶᠢᠨ ᠬᠠᠷᠢᠴᠠᠯ ᠤᠯᠠᠮ ᠴᠢᠨᠠᠭᠰᠢᠳᠠ ᠰᠢᠯᠢᠳᠡᠭᠵᠢᠵᠦ᠂ ᠵᠢᠱᠢᠭᠳᠡᠭᠴᠢ ᠶᠢᠨ ᠢᠷᠡᠯᠳᠡ ᠶᠢᠨ ᠪᠦᠷᠢᠯᠳᠦᠯ ᠤᠨ ᠲᠠᠯ᠎ᠠ ᠪᠠᠷ᠂ ᠳᠡᠭᠡᠷ᠎ᠡ ᠨᠢᠭᠡ ᠡᠭᠡᠯᠵᠢ ᠶᠢᠨ ᠲᠤᠰᠬᠤᠨ᠎ ᠤ ᠺᠠᠳ᠋ᠷᠴᠤᠳ ᠤᠨ ᠳᠤᠮᠳᠠ ᠠᠴᠠ ᠰᠢᠯᠢᠳᠡᠭ ᠢ ᠨᠢ ᠰᠤᠩᠭᠤᠵᠤ 26373 ᠨᠡᠷᠡᠰ ᠢ ᠵᠠᠯᠭᠠᠭᠠᠳ ᠲᠤᠰᠢᠶᠠᠯ ᠡᠭᠦᠷᠭᠡᠯᠡᠭᠦᠯᠵᠤ᠂ ᠳᠠᠬᠢᠨ ᠤᠷᠢᠬᠤ᠂ ᠰᠤᠩᠭᠤᠨ ᠲᠤᠮᠢᠯᠠᠬᠤ ᠵᠡᠷᠭᠡ ᠬᠡᠯᠪᠡᠷᠢ ᠪᠠᠷ ᠳᠠᠮᠵᠢᠭᠤᠯᠵᠤ 14352 ᠨᠡᠷᠡᠰ ᠢ ᠰᠤᠩᠭᠤᠨ ᠬᠡᠷᠡᠭᠯᠡᠪᠡ︔ ᠳᠡᠭᠰᠢᠳᠭᠡᠭᠰᠡᠨ ᠨᠠᠰᠤ ᠨᠢ ᠳᠡᠭᠡᠷ᠎ᠡ ᠬᠤᠭᠤᠴᠠᠭᠠᠨ ᠤ ᠬᠢ ᠠᠴᠠ 2.2 ᠨᠠᠰᠤ ᠪᠠᠭᠤᠷᠠᠵᠦ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠋ ᠎ᠠ ᠶᠢᠨ ᠨᠠᠮᠲᠠᠷ ᠲᠠᠢ ᠬᠦᠮᠦᠨ ᠶᠡᠭᠡ ᠪᠠᠷ ᠨᠡᠮᠡᠭᠳᠡᠪᠡ᠃ ᠡᠭᠦᠨ᠎ ᠤ ᠬᠠᠮᠲᠤ᠂ ᠭᠠᠭᠴᠠᠭᠠᠷ ᠡᠭᠦᠷᠭᠡᠯᠡᠬᠦ ᠬᠠᠷᠢᠴᠠᠯ ᠢ ᠶᠡᠬᠡᠪᠡᠷ ᠳᠡᠭᠡᠭᠰᠢᠯᠡᠭᠦᠯᠵᠦ᠂ ᠰᠤᠯᠢᠪᠴᠠᠭᠤᠯᠵᠤ ᠲᠤᠰᠢᠶᠠᠯ ᠡᠭᠦᠷᠭᠡᠯᠡᠬᠦ ᠬᠠᠷᠢᠴᠠᠯ ᠢ ᠭᠠᠭᠴᠠᠭᠠᠷ ᠡᠭᠦᠷᠭᠡᠯᠡᠬᠦ ᠬᠠᠷᠢᠴᠠᠯ ᠠᠴᠠ ᠦᠨᠳᠦᠷ ᠪᠠᠶᠢᠯᠭᠠᠬᠤ ᠬᠠᠷᠠᠯᠲᠠ ᠶᠢ ᠲᠤᠳᠤᠷᠬᠠᠢ ᠳᠤᠷᠠᠳᠪᠠ᠃

  ᠤᠭᠳᠤ ᠠᠳᠡᠯ ᠪᠤᠷᠤᠭᠤ ᠦᠭᠡᠢ᠂ ᠤᠭᠳᠤ ᠳᠠᠯᠳᠠ ᠭᠠᠵᠠᠷ ᠦᠭᠡᠢ᠂ ᠤᠬᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠳᠠᠯᠠᠵᠤ᠂ ᠪᠦᠭᠦ ᠶᠠᠪᠤᠴᠠ ᠳᠠᠭᠠᠨ ᠤᠷᠤᠮ ᠦᠯᠡᠳᠡᠭᠡᠭᠦ ᠬᠢᠨᠠᠨ ᠬᠠᠮᠢᠶᠠᠷᠬᠤ ᠲᠤᠭᠳᠠᠴᠠ ᠶᠢ ᠭᠡᠷᠡᠭᠵᠢᠭᠦᠯᠵᠤ᠂ ᠭᠠᠴᠠᠭ᠎ᠠ ᠲᠤᠰᠬᠤᠨ᠎ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠠᠮᠢ ᠠᠬᠤᠢ ᠶᠢᠨ ᠰᠤᠷᠲᠠᠯ ᠴᠢᠭᠡᠴᠢ ᠤᠪᠤᠷ ᠲᠦᠪ ᠪᠠᠶᠢᠬᠤ ᠶᠢ ᠦᠨᠡᠨᠬᠦ ᠪᠠᠳᠤᠯᠠᠪᠠ᠃ ᠨᠢᠭᠡ ᠳᠤ᠂ ᠳᠡᠰ ᠳᠠᠷᠠᠭᠠᠯᠠᠯ ᠠᠯᠬᠤᠮ ᠲᠠᠷᠠᠭ᠎ᠠ ᠤᠭᠳᠤ ᠠᠳᠡᠯ ᠪᠤᠷᠤᠭᠤ ᠦᠭᠡᠢ᠃ ᠤᠷᠤᠮ ᠤᠨ ᠬᠠᠮᠢᠶᠠᠷᠤᠯᠳᠠ ᠪᠤᠯᠤᠨ ᠬᠠᠷᠢᠭᠤᠴᠠᠯᠭ᠎ᠠ ᠶᠢᠨ ᠡᠷᠬᠢᠵᠤ ᠪᠠᠶᠢᠴᠠᠭᠠᠬᠤ ᠶᠢ ᠭᠡᠷᠡᠭᠵᠢᠭᠦᠯᠵᠤ᠂ ᠬᠤᠭᠤᠴᠠᠭ᠎ᠠ ᠰᠤᠯᠢᠬᠤ ᠠᠯᠬᠤᠮ ᠲᠠᠷᠠᠭᠠᠯᠠᠯ ᠤᠨ ᠤᠰᠤᠯ ᠠᠯᠳᠠᠭ᠎ᠠ ᠭᠠᠷᠬᠤ ᠶᠢ ᠰᠡᠷᠭᠡᠶᠢᠯᠡᠪᠡ᠃ ᠰᠤᠩᠭᠤᠯᠳᠠ ᠳᠤ ᠤᠷᠤᠯᠴᠠᠬᠤ ᠭᠦᠮᠤᠨ᠎ ᠤ ᠪᠦᠭᠦ ᠲᠠᠯ᠎ᠠ ᠶᠢᠨ ᠶᠠᠷᠢᠯᠴᠠᠭ᠎ᠠ ᠦᠷᠨᠢᠭᠦᠯᠭᠦ ᠲᠦᠷᠢᠮ ᠢ ᠨᠠᠶᠢᠳᠠᠪᠤᠷᠢᠵᠢᠭᠤᠯᠵᠤ᠂ ᠲᠦᠷᠢᠮ ᠠᠴᠠ ᠵᠦᠷᠢᠴᠡᠭᠦ ᠰᠠᠬᠢᠯᠭ᠎ᠠ ᠠᠴᠠ ᠵᠦᠷᠢᠴᠡᠭᠦ ᠪᠠᠶᠢᠳᠠᠯ ᠢᠯᠡᠷᠡᠭᠦ ᠶᠢ ᠰᠡᠷᠭᠡᠶᠢᠯᠡᠪᠡ︔ ᠨᠡᠷ᠎ᠡ ᠵᠢᠱᠢᠭᠳᠡᠭᠰᠡᠳ ᠤᠨ ᠦᠷᠢᠰᠤᠯᠳᠤᠨ ᠲᠤᠰᠢᠶᠠᠯ ᠳᠤ ᠭᠠᠷᠬᠤ᠂ ᠦᠢᠯᠡᠰ ᠪᠤᠰᠬᠠᠬᠤ᠂ ᠴᠢᠬᠡᠴᠢ ᠵᠠᠰᠠᠬ᠂ ᠲᠤᠰᠢᠶᠠᠯ ᠠᠴᠠ ᠪᠠᠭᠤᠬᠤ ᠠᠮᠠᠯᠠᠯᠳᠠ ᠲᠤᠭᠳᠠᠬᠤ ᠲᠦᠷᠢᠮ ᠢ ᠭᠡᠷᠡᠭᠵᠢᠭᠦᠯᠵᠤ᠂ ᠬᠠᠤᠯᠢ ᠶᠤᠰᠤ ᠪᠠᠷ ᠲᠦᠷᠢᠮ ᠶᠤᠰᠤ ᠪᠠᠷ ᠰᠤᠩᠭᠤᠭᠤᠯᠢ ᠳᠤ ᠤᠷᠤᠯᠴᠠᠬᠤ ᠶᠢ ᠪᠠᠳᠤᠯᠠᠪᠠ︔ ᠰᠤᠩᠭᠤᠭᠤᠯᠢ ᠶᠢᠨ ᠠᠷᠠᠳ ᠤᠨ ᠲᠠᠩᠰᠠᠯᠠᠬᠤ᠂ ᠰᠤᠩᠭᠤᠭᠤᠯᠢ ᠳᠤ ᠦᠷᠢᠰᠤᠯᠳᠤᠭᠦ ᠭᠦᠮᠤᠨ᠎ ᠤ ᠬᠢᠷᠢ ᠭᠡᠮ᠂ ᠰᠤᠩᠭᠤᠭᠤᠯᠢ ᠶᠢᠨ ᠲᠡᠰ ᠲᠠᠷᠠᠭᠠᠯᠠᠯ᠂ ᠰᠤᠩᠭᠤᠭᠤᠯᠢ ᠶᠢᠨ ᠦᠷ᠎ᠠ ᠳ᠋ᠦᠡᠭ ᠢ ᠢᠯᠡ ᠪᠠᠷ ᠨᠤᠳᠠᠯᠠᠪᠠ᠃ ᠬᠤᠶᠠᠷ ᠲᠤ᠂ ᠲᠤᠭᠤᠷᠢᠨ ᠱᠠᠯᠠᠪᠳᠠᠭᠤᠯᠤᠨ ᠵᠢᠯᠤᠭᠤᠤᠨᠬᠤ ᠳᠤ ᠤᠭᠳᠤ ᠲᠠᠯᠳᠠ ᠭᠠᠵᠠᠷ ᠦᠭᠡᠢ᠃ ᠦᠪᠡᠷᠳᠡᠭᠡᠨ ᠵᠠᠰᠠᠬᠤ ᠤᠷᠤᠨ᠎ ᠤ ᠲᠤᠭᠤᠷᠢᠨ ᠱᠠᠯᠠᠪᠳᠠᠭᠤᠯᠤᠨ ᠵᠢᠯᠤᠭᠤᠳᠬᠤ ᠲᠤᠭᠤᠢᠢᠯᠡᠩ 2᠂ ᠠᠶᠢᠮᠠᠭ ᠬᠤᠳᠠ ᠶᠢᠨ ᠱᠠᠯᠠᠪᠳᠠᠭᠤᠯᠤᠨ ᠵᠢᠯᠤᠭᠤᠳᠬᠤ ᠲᠤᠭᠤᠢᠢᠯᠡᠩ 54᠂ ᠬᠤᠰᠢᠭᠤ ᠰᠢᠶᠠᠨ᠎ ᠤ ᠱᠠᠯᠠᠪᠳᠠᠭᠤᠯᠤᠨ ᠵᠢᠯᠤᠭᠤᠳᠬᠤ ᠲᠤᠭᠤᠢᠢᠯᠡᠩ 682 ᠢ ᠲᠤᠮᠢᠯᠠᠵᠤ᠂ ᠴᠢᠩᠭ᠎ᠠ ᠱᠠᠯᠠᠪᠳᠠᠭᠤᠯᠤᠨ ᠪᠤᠳᠠᠳᠠᠢ ᠵᠢᠯᠤᠭᠤᠳᠴᠤ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠭᠦᠯᠵᠤ ᠪᠠᠶᠢᠴᠠᠭᠠᠨ ᠰᠢᠢᠳᠪᠤᠷᠢᠯᠡᠪᠡ᠃ ᠭᠤᠷᠪᠠ ᠳᠤ᠂ ᠲᠦᠷᠢᠮ ᠢ ᠵᠦᠷᠢᠴᠡᠭᠰᠠᠨ ᠦᠢᠯᠡ ᠠᠵᠢᠯᠯᠠᠭ᠎ᠠ ᠶᠢ ᠤᠭᠳᠤ ᠠᠭᠤᠴᠢᠯᠡᠬᠤ ᠦᠭᠡᠢ᠃ ᠠᠷᠪᠠᠨ ᠴᠢᠩᠭ᠎ᠠ ᠴᠠᠭᠠᠵᠠᠯᠠᠬᠤ ᠲᠦᠷᠢᠮ ᠤᠨ ᠱᠠᠭᠠᠷᠳᠠᠯᠭ᠎ᠠ ᠶᠢ ᠲᠤᠭᠳᠠᠭᠠᠵᠤ᠂ ᠶᠠᠷᠢᠶ᠎ᠠ ᠬᠡᠯᠡᠯᠴᠡᠬᠡᠨ᠎ ᠤ ᠪᠠᠶᠢᠳᠠᠯ ᠢ ᠬᠢᠨᠠᠨ ᠡᠵᠡᠮᠳᠠᠭᠦ ᠪᠠᠨ ᠴᠢᠩᠭᠠᠳᠬᠠᠵᠤ᠂ ᠬᠤᠳᠠ᠂ ᠰᠢᠶᠠᠨ᠂ ᠰᠢᠶᠠᠩ ᠭᠤᠷᠪᠠᠨ ᠱᠠᠳᠤ ᠲᠡᠰ ᠲᠡᠰ ᠢᠶᠠᠷ ᠬᠤᠭᠤᠴᠠᠭ᠎ᠠ ᠰᠤᠯᠢᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠠᠢ ᠨᠢᠭᠳᠠ ᠤᠶᠠᠯᠳᠤᠭᠤᠯᠵᠤ᠂ ᠬᠠᠷᠢᠴᠠᠭᠠᠨ᠎ ᠤ ᠪᠢᠯᠧᠲ ᠪᠤᠯᠤᠨ ᠰᠤᠩᠭᠤᠭᠤᠯᠢ ᠶᠢ ᠡᠵᠡᠮᠳᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠠᠷ᠎ᠠ ᠪᠦᠯᠦᠭᠳᠡᠨ᠂ ᠬᠠᠷᠬᠢᠰ ᠠᠵᠢᠯᠯᠠᠭ᠎ᠠ ᠳᠤ ᠬᠤᠯᠪᠤᠭᠳᠠᠭᠰᠠᠨ ᠭᠦᠮᠤᠨ ᠢ ᠴᠠᠭ ᠲᠤᠬᠠᠢ ᠳᠤ ᠨᠢ ᠰᠢᠢᠳᠪᠤᠷᠢᠯᠡᠵᠤ᠂ ᠰᠤᠷᠳᠠᠯ ᠴᠢᠭᠡᠴᠢ ᠤᠪᠤᠷ ᠲᠦᠪ ᠰᠠᠶᠢᠨ ᠰᠠᠶᠢᠬᠠᠨ ᠤᠯᠤᠰ ᠲᠦᠷᠤ ᠶᠢᠨ ᠠᠮᠢ ᠠᠬᠤᠢ ᠶᠢ ᠪᠤᠢ ᠪᠤᠯᠭᠠᠪᠠ᠃

  (ᠦᠪᠡᠷᠳᠡᠭᠡᠨ ᠵᠠᠰᠠᠬᠤ ᠤᠷᠤᠨ᠎ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ)

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com