ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠵᠧᠵᠢᠶᠠᠩ ᠤᠨ ᠠᠨᠵᠢ ᠶᠢᠨ ᠲᠠᠷᠢᠶᠠᠴᠢᠳ ᠤᠨ ᠴᠠᠭᠠᠯᠢᠭ ᠴᠠᠢ ᠶᠢᠨ ᠴᠢᠬᠢ ᠬᠠᠨᠳᠢᠪᠯᠠᠬᠤ ᠠᠵᠢᠯ ᠠᠮᠵᠢᠯᠳᠠ ᠲᠠᠢ ᠦᠨᠳᠦᠷᠯᠡᠪᠡ

  ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 6᠎ ᠤ ᠴᠠᠬᠢᠯᠭᠠᠨ ᠮᠡᠳᠡᠭᠡ ᠰᠤᠷᠪᠤᠯᠵᠢᠯᠠᠬᠴᠢ ᠴᠧᠨ ᠹᠸᠢ ᠰᠢᠶᠤᠤ ᠶᠦᠩ ᠬᠠᠩ ᠨᠠᠮ ᠤᠨ ᠲᠦᠷᠦ ᠶᠢᠨ ᠪᠤᠳᠤᠯᠭ᠎ᠠ ᠦᠨᠡᠭᠡᠷ ᠰᠠᠶᠢᠨ᠂ ᠪᠢᠳᠡᠨ ᠳᠤ ᠴᠠᠭᠠᠯᠢᠭ ᠴᠠᠢ ᠶᠢᠨ ᠴᠢᠬᠢ ᠬᠦᠷᠭᠡᠯ᠎ᠠ᠂ ᠶᠡᠷᠦᠩᠭᠡᠢ ᠱᠦᠵᠢ ᠪᠢᠳᠠᠨ ᠢ ᠬᠦᠯᠢᠶᠡᠵᠦ ᠪᠠᠶᠢᠨ᠎ᠠ᠂ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠯ᠎ᠠ ᠁ ᠰᠧᠴᠤᠸᠠᠨ ᠮᠤᠵᠢ ᠶᠢᠨ ᠴᠢᠩᠱᠠᠨ ᠰᠢᠶᠠᠨ ᠤ ᠪᠠᠢ ᠯᠦᠩ ᠨᠠᠭᠤᠷ ᠤᠨ ᠬᠦᠪᠡᠭᠡᠨ ᠳᠠᠬᠢ ᠠᠭᠤᠯᠠᠨ ᠠᠴᠠ ᠲᠤᠷᠤᠬᠰᠢ ᠪᠠᠷᠠᠯᠠᠬᠤᠶ᠎ᠠ᠂ ᠵᠧᠵᠢᠶᠠᠩ ᠠᠴᠠ ᠬᠦᠷᠭᠡᠭᠳᠡᠨ ᠢᠷᠡᠭᠰᠡᠨ ᠮᠢᠩᠭ᠎ᠠ ᠰᠢᠬᠠᠮ ᠮᠦ ᠴᠠᠭᠠᠯᠢᠬ ᠴᠠᠢ ᠶᠢᠨ ᠴᠢᠬᠢ ᠬᠤᠷ᠎ᠠ ᠪᠤᠷᠤᠭᠠᠨ ᠤ ᠰᠢᠮ᠎ᠠ ᠳᠤ ᠢᠳᠡᠷᠡᠬᠦᠨ ᠪᠤᠶᠢᠵᠢᠨ᠎ᠠ᠃

  ᠴᠠᠢ ᠶᠢᠨ ᠴᠢᠬᠢ ᠢᠩᠬᠢᠵᠦ ᠰᠠᠶᠢᠨ ᠤᠷᠭᠤᠵᠦ ᠪᠠᠶᠢᠬᠤ ᠶᠤᠮ ᠴᠢᠨᠢ ᠬᠤᠶᠢᠰᠢᠳᠠ ᠪᠢᠳᠠᠨ ᠤ ᠠᠮᠢᠳᠤᠷᠠᠯ ᠶᠠᠪᠤᠬᠤ ᠳᠤᠳᠤᠮ ᠦᠭᠡᠳᠡᠯᠡᠨ᠎ᠠ ᠳ᠋ᠠ︕ ᠬᠡᠵᠦ 66 ᠨᠠᠰᠤᠳᠠᠢ ᠴᠢᠩᠱᠠᠨ ᠰᠢᠶᠠᠨ ᠤ ᠱᠠᠵᠸᠦ ᠪᠠᠯᠭᠠᠰᠤ ᠶᠢᠨ ᠴᠢᠩᠫᠢᠩ ᠲᠤᠰᠬᠤᠨ ᠤ ᠠᠷᠠᠳ ᠵᠢᠶᠤᠤ ᠶᠤᠸᠠᠨ ᠡᠸ᠋ᠨ ᠴᠠᠢ ᠶᠢᠨ ᠬᠦᠷᠢᠶᠡᠯᠡᠩ ᠢᠶᠠᠨ ᠬᠠᠷᠠᠨ ᠪᠠᠶᠠᠰᠤᠨ᠎ᠠ᠃

  ᠴᠢᠩᠱᠠᠨ ᠤ ᠡᠨᠡ ᠬᠦ ᠬᠤᠪᠢᠷᠠᠯᠳᠠ ᠨᠢ ᠵᠧᠵᠢᠶᠠᠩ ᠤᠨ ᠠᠨᠵᠢ ᠶᠢᠨ ᠴᠠᠭᠠᠯᠢᠬ ᠴᠠᠢ ᠶᠢᠨ ᠴᠢᠬᠢ ᠬᠠᠨᠳᠢᠪᠯᠠᠨ ᠲᠠᠷᠢᠭᠤᠯᠬᠤ ᠠᠵᠢᠯ ᠦᠷᠨᠢᠭᠰᠡᠨ ᠠᠴᠠ ᠢᠷᠡᠯᠳᠠᠢ᠃ ᠨᠢᠳᠤᠨᠤᠨ ᠤ 4 ᠰᠠᠷ᠎ᠠ ᠳᠤ᠂ ᠵᠧᠵᠢᠶᠠᠩ ᠤᠨ ᠠᠨᠵᠢ ᠶᠢᠨ ᠬᠤᠸᠠᠩ ᠳ᠋ᠦ᠋ ᠲᠤᠰᠬᠤᠨ ᠤ 20 ᠲᠠᠷᠢᠶᠠᠴᠢᠨ ᠨᠠᠮ ᠤᠨ ᠭᠡᠰᠢᠬᠦᠨ ᠶᠡᠷᠦᠩᠭᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠴᠠᠭᠠᠯᠢᠬ ᠴᠠᠢ ᠲᠠᠷᠢᠵᠦ ᠴᠢᠨᠡᠭᠡᠯᠢᠭᠵᠢᠭᠰᠡᠨ ᠪᠠᠶᠢᠳᠠᠯ ᠢᠶᠠᠨ ᠮᠡᠳᠡᠬᠦᠯᠤᠨ᠂ ᠰᠠᠶᠢᠨ ᠳᠤᠷ᠎ᠠ ᠠᠴᠠ 1500 ᠲᠦᠮᠡᠨ ᠰᠠᠭᠤᠷᠢ ᠴᠠᠢ ᠶᠢᠨ ᠴᠢᠬᠢ ᠬᠠᠨᠳᠢᠪᠯᠠᠨ ᠶᠠᠳᠠᠭᠤ ᠬᠦᠴᠢᠷᠳᠡᠯᠳᠠᠢ ᠭᠠᠵᠠᠷ ᠤᠷᠤᠨ ᠤ ᠤᠯᠠᠨ ᠲᠦᠮᠡᠨ ᠤ ᠶᠠᠳᠠᠭᠤ ᠠᠴᠠ ᠠᠩᠬᠢᠵᠢᠷᠠᠬᠤ ᠶᠢ ᠬᠠᠪᠰᠤᠷᠤᠨ᠎ᠠ ᠭᠡᠵᠦ ᠳᠤᠷᠠᠳᠴᠠᠢ᠃ ᠶᠡᠷᠦᠩᠭᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠦᠭᠴᠦ᠂ ᠳᠡᠳᠡᠨ ᠤ ᠠᠷᠭ᠎ᠠ ᠬᠢᠳᠡᠯ ᠢ ᠨᠤᠳᠠᠯᠠᠨ᠂ ᠤᠰᠤ ᠶᠢ ᠨᠢ ᠤᠤᠭᠤᠪᠠᠯ ᠡᠬᠢ ᠶᠢ ᠨᠢ ᠮᠠᠷᠳᠠᠬᠤ ᠦᠭᠡᠢ᠂ ᠨᠠᠮ ᠤᠨ ᠠᠴᠢ ᠶᠢ ᠮᠠᠷᠳᠠᠬᠤ ᠦᠭᠡᠢ ᠪᠠᠶᠢᠬᠤ ᠤᠬᠠᠮᠰᠠᠷ ᠢᠶᠠᠨ ᠴᠢᠩᠭᠠᠳᠬᠠᠵᠦ᠂ ᠨᠠᠮ ᠤᠨ ᠰᠠᠨᠠᠭᠠᠰᠢᠷᠠᠯ ᠢ ᠬᠤᠪᠢᠶᠠᠯᠴᠠᠵᠦ᠂ ᠤᠷᠢᠳ ᠢᠶᠠᠷ ᠪᠡᠶᠡᠵᠢᠬᠰᠠᠨ ᠨᠢ ᠰᠡᠬᠦᠯᠡᠷ ᠪᠠᠶᠠᠵᠢᠭᠰᠠᠳ ᠢ ᠬᠠᠪᠰᠤᠷᠬᠤ ᠵᠤᠷᠢᠭ ᠰᠠᠨᠠᠭ᠎ᠠ ᠶᠢ ᠪᠠᠳᠠᠷᠠᠭᠤᠯᠬᠤ ᠨᠢ ᠶᠠᠳᠠᠭᠤ ᠠᠴᠠ ᠠᠩᠬᠢᠵᠢᠷᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠮᠠᠰᠢ ᠶᠡᠭᠡ ᠠᠴᠢ ᠬᠤᠯᠪᠤᠭᠳᠠᠯ ᠲᠠᠢ ᠶᠤᠮ ᠭᠡᠵᠦ ᠴᠢᠬᠤᠯᠠᠴᠢᠯᠠᠵᠠᠢ᠃ ᠡᠬᠦᠨ ᠠᠴᠠ ᠬᠤᠶᠢᠰᠢ᠂ ᠶᠡᠷᠦᠩᠭᠡᠢ ᠱᠦᠵᠢ ᠰᠢ ᠶᠢᠨ ᠫᠢᠩ ᠴᠠᠢ ᠶᠢᠨ ᠴᠢᠬᠢ ᠬᠠᠨᠳᠢᠪᠯᠠᠨ ᠲᠠᠷᠢᠭᠤᠯᠬᠤ ᠪᠠ ᠬᠠᠨᠳᠢᠪ ᠬᠦᠯᠢᠶᠡᠭᠰᠡᠨ ᠭᠠᠵᠠᠷ ᠤᠨ ᠠᠵᠤ ᠦᠢᠯᠡᠰ ᠢᠶᠠᠷ ᠶᠠᠳᠠᠭᠤ ᠶᠢ ᠳᠡᠳᠬᠦᠭᠰᠡᠨ ᠪᠠᠶᠢᠳᠠᠯ ᠢ ᠠᠩᠬᠠᠷᠤᠭᠰᠠᠭᠠᠷ ᠢᠷᠡᠵᠡᠢ᠃

  ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠯᠪᠡᠨ ᠭᠡᠷ ᠤᠨ ᠬᠢᠨ ᠬᠤᠯᠪᠤᠭᠳᠠᠯ ᠪᠦᠬᠦᠢ ᠲᠠᠯ᠎ᠠ ᠲᠠᠢ ᠬᠠᠮᠳᠤᠷᠠᠨ ᠬᠤᠨᠠᠨ ᠮᠤᠵᠢ ᠶᠢᠨ ᠬᠦ᠋ ᠵᠠᠩ ᠰᠢᠶᠠᠨ᠂ ᠰᠧᠴᠤᠸᠠᠨ ᠮᠤᠵᠢ ᠶᠢᠨ ᠴᠢᠩᠴᠤᠸᠠᠨ ᠰᠢᠶᠠᠨ ᠪᠠ ᠬᠦᠢᠵᠸᠦ ᠮᠤᠵᠢ ᠶᠢᠨ ᠫᠦ᠋ ᠠᠨ ᠰᠢᠶᠠᠨ᠂ ᠶᠠᠨ ᠾᠧ ᠰᠢᠶᠠᠨ ᠵᠡᠷᠭᠡ 3 ᠮᠤᠵᠢ ᠶᠢᠨ 4 ᠰᠢᠶᠠᠨ ᠤ 34 ᠲᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯᠳᠠᠢ ᠲᠤᠰᠬᠤᠨ ᠢ ᠬᠠᠨᠳᠢᠪ ᠬᠦᠷᠳᠡᠬᠦ ᠡᠳᠡᠭᠡᠳ ᠢᠶᠠᠷ ᠲᠤᠭᠳᠠᠭᠠᠬᠤ ᠶᠢᠨ ᠬᠠᠮᠳᠦ ᠡᠯ᠎ᠠ ᠭᠠᠵᠠᠷ ᠤᠨ ᠬᠢᠨ ᠠᠵᠢᠯ ᠤᠨ ᠲᠠᠩᠰᠠ ᠡᠪᠭᠡᠮᠡᠯ ᠪᠠᠶᠢᠭᠤᠯᠬᠤ ᠲᠤᠭᠳᠠᠴᠠ ᠶᠢ ᠪᠠᠶᠢᠭᠤᠯᠬᠤ ᠶᠢ ᠱᠠᠯᠠᠪᠳᠠᠭᠤᠯᠤᠨ ᠵᠢᠯᠤᠭᠤᠳᠴᠦ ᠠᠬᠢᠭᠤᠯᠤᠨ᠂ ᠬᠤᠶᠢᠳᠤᠬᠢ ᠬᠠᠮᠢᠶᠠᠷᠤᠯᠳᠠ ᠶᠢ ᠴᠢᠩᠭᠠᠳᠬᠠᠬᠤ ᠶᠢ ᠱᠠᠯᠠᠪᠳᠠᠭᠤᠯᠪᠠ᠃

  ᠨᠢᠭᠡ ᠵᠢᠯ ᠭᠠᠷᠤᠢ ᠶᠢᠨ ᠲᠤᠷᠰᠢ᠂ ᠴᠠᠭᠠᠯᠢᠬ ᠴᠠᠢ ᠶᠢᠨ ᠴᠢᠬᠢ ᠬᠠᠨᠳᠢᠪᠯᠠᠨ ᠲᠠᠷᠢᠬᠤ ᠠᠵᠢᠯ ᠤᠷᠤᠭᠰᠢᠳᠠᠢ ᠶᠠᠪᠤᠭᠳᠠᠨ᠂ ᠡᠨᠡ ᠵᠢᠯ ᠤᠨ 3 ᠰᠠᠷ᠎ᠠ ᠳᠤ ᠪᠦᠬᠦᠨ ᠢ ᠲᠠᠭᠤᠰᠬᠠᠪᠠ᠃ ᠬᠤᠸᠠᠩ ᠳᠤ ᠲᠤᠰᠬᠤᠨ ᠨᠡᠶᠢᠳᠡ 1665 ᠲᠦᠮᠡᠨ ᠰᠠᠭᠤᠷᠢ ᠴᠢᠬᠢ ᠮᠤᠳᠤ ᠬᠠᠨᠳᠢᠪᠯᠠᠵᠦ᠂ 5377 ᠮᠦ ᠲᠠᠷᠢᠨ᠂ 3 ᠮᠤᠵᠢ ᠶᠢᠨ 4 ᠰᠢᠶᠠᠨ ᠤ 1862 ᠶᠠᠳᠠᠭᠤ ᠬᠦᠴᠢᠷᠳᠡᠯᠳᠡᠢ ᠡᠷᠦᠭᠡ ᠶᠢ ᠬᠠᠮᠤᠷᠴᠠᠢ᠃ ᠬᠠᠨᠳᠢᠪ ᠬᠦᠷᠳᠡᠭᠰᠡᠨ ᠭᠠᠵᠠᠷ ᠤᠷᠤᠨ ᠢᠳᠡᠪᠬᠢᠳᠡᠢ ᠬᠠᠮᠵᠢᠯᠴᠠᠨ᠂ ᠪᠦᠬᠦ ᠬᠦᠴᠦᠨ ᠢᠶᠠᠷ ᠢᠶᠠᠨ ᠬᠦᠯᠢᠶᠡᠨ ᠠᠪᠴᠤ ᠲᠠᠷᠢᠵᠦ ᠤᠷᠭᠤᠭᠤᠯᠤᠨ᠂ ᠬᠠᠮᠢᠶᠠᠷᠤᠯᠳᠠ ᠪᠠᠨ ᠴᠢᠩᠭᠠᠳᠬᠠᠵᠦ᠂ ᠴᠢᠬᠢ ᠮᠤᠳᠤ ᠶᠢ ᠵᠠᠶᠢᠯᠠᠭᠰᠠᠨ ᠤ ᠲᠠᠷᠠᠭᠠᠬᠢ ᠡᠳᠡᠭᠡᠷᠡᠯᠳᠡ ᠶᠢᠨ ᠨᠤᠷᠮ᠎ᠠ 95%᠎ ᠠᠴᠠ ᠲᠡᠭᠡᠭᠰᠢ ᠪᠤᠯᠪᠠ᠃

  ᠨᠤᠮᠢᠨ ᠨᠤᠭᠤᠭᠠᠨ ᠴᠠᠭᠠᠯᠢᠬ ᠴᠠᠢ ᠶᠢᠨ ᠴᠢᠬᠢ᠂ ᠦᠳᠭᠡᠨ ᠵᠤᠵᠠᠭᠠᠨ ᠶᠠᠳᠠᠭᠤ ᠶᠢ ᠲᠡᠳᠬᠦᠭᠰᠡᠨ ᠰᠡᠳᠬᠢᠯᠭᠡ᠃ ᠬᠦᠢᠵᠸᠦ ᠶᠢᠨ ᠫᠦ᠋ ᠠᠨ ᠰᠢᠶᠠᠨ ᠳᠤ᠂ ᠬᠠᠨᠳᠢᠪ ᠬᠦᠷᠳᠡᠭᠰᠡᠨ 2000 ᠭᠠᠷᠤᠢ ᠮᠦ ᠰᠡᠳᠬᠢᠯ ᠬᠦᠭᠰᠡᠬᠦᠯᠦᠮ᠎ᠠ ᠴᠠᠭᠠᠯᠢᠬ ᠴᠠᠢ ᠶᠢᠨ ᠤᠷᠭᠤᠯᠳᠠ ᠲᠤᠬᠠᠢ ᠶᠢᠨ ᠭᠠᠵᠠᠷ ᠤᠨ ᠴᠠᠭᠠᠯᠢᠬ ᠴᠠᠢ ᠶᠢᠨ ᠠᠵᠦ ᠦᠢᠯᠡᠰ ᠤᠨ ᠬᠦᠭᠵᠢᠯᠳᠡ ᠶᠢ ᠠᠬᠢᠭᠤᠯᠤᠨ᠂ ᠨᠢᠭᠡᠨᠳᠡ ᠲᠦᠮᠡᠨ ᠮᠦ ᠶᠢᠨ ᠴᠠᠭᠠᠯᠢᠬ ᠴᠠᠢ ᠶᠢᠨ ᠬᠦᠷᠢᠶᠡᠯᠡᠩ ᠢ ᠲᠠᠶᠢᠴᠢᠯᠠᠨ ᠪᠠᠶᠢᠭᠤᠯᠪᠠ︔ ᠬᠤᠨᠠᠨ ᠮᠤᠵᠢ ᠶᠢᠨ ᠭᠦ᠋ ᠵᠠᠩ ᠰᠢᠶᠠᠨ ᠳᠤ᠂ ᠲᠤᠬᠠᠢ ᠶᠢᠨ ᠭᠠᠵᠠᠷ ᠤᠨ ᠬᠢᠨ ᠴᠠᠭᠠᠯᠢᠬ ᠴᠠᠢ ᠲᠠᠷᠢᠬᠤ ᠶᠢ ᠮᠢᠶᠤᠤ ᠦᠨᠳᠦᠰᠦᠳᠡᠨ ᠤ ᠴᠠᠶᠢᠵᠠ ᠶᠢᠨ ᠵᠢᠭᠤᠯᠴᠢᠯᠠᠯ ᠲᠠᠢ ᠤᠶᠠᠯᠳᠤᠭᠤᠯᠤᠨ ᠤᠨᠴᠠᠯᠢᠬᠳᠤ ᠠᠵᠦ ᠦᠢᠯᠡᠰ ᠢ ᠬᠦᠭᠵᠢᠬᠦᠯᠵᠦ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠬᠦ ᠳᠤ ᠰᠢᠨ᠎ᠠ ᠵᠠᠮ ᠤᠯᠭᠤᠵᠦ ᠦᠭᠴᠡᠢ︔ ᠰᠧᠴᠤᠸᠠᠨ ᠤ ᠴᠢᠩᠴᠤᠸᠠᠨ ᠰᠢᠶᠠᠨ ᠳᠤ᠂ ᠵᠧᠵᠢᠶᠠᠩ ᠤᠨ ᠲᠤᠰᠬᠠᠢ ᠮᠡᠷᠭᠡᠵᠢᠯᠳᠡᠨ ᠲᠠᠷᠢᠶᠠᠴᠢᠳ ᠢ ᠵᠢᠯᠤᠭᠤᠳᠤᠨ ᠴᠠᠭᠠᠯᠢᠬ ᠴᠠᠢ ᠶᠢᠨ ᠮᠤᠳᠤ ᠪᠠᠨ ᠨᠠᠷᠢᠯᠢᠬ ᠠᠷᠠᠴᠢᠯᠠᠨ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠭᠰᠠᠨ ᠠᠴᠠ ᠵᠤᠯᠵᠠᠭᠠᠨ ᠴᠠᠢ ᠶᠢᠨ ᠴᠢᠬᠢ ᠢᠳᠡᠷᠡᠬᠦᠨ ᠢᠶᠠᠷ ᠦᠰᠦᠨ ᠪᠤᠶᠢᠵᠢᠵᠦ᠂ ᠶᠠᠳᠠᠭᠤ ᠶᠢ ᠲᠡᠳᠬᠦᠬᠦ ᠴᠠᠢ᠂ ᠠᠴᠢ ᠬᠠᠷᠢᠭᠤᠯᠬᠤ ᠴᠠᠢ᠂ ᠨᠦᠬᠦᠷᠯᠡᠯ ᠤᠨ ᠴᠠᠢ ᠪᠤᠯᠪᠠ ᠁

  ᠤᠳᠤᠬᠠᠨ ᠤ ᠵᠠᠶᠢᠯᠠᠨ ᠲᠠᠷᠢᠵᠦ ᠤᠷᠭᠤᠭᠤᠯᠤᠭᠰᠠᠨ ᠪᠠᠶᠢᠳᠠᠯ ᠠᠴᠠ ᠦᠵᠡᠪᠡᠯ᠂ ᠬᠤᠸᠠᠩ ᠳ᠋ᠦ᠋ ᠲᠤᠰᠬᠤᠨ ᠤ ᠲᠠᠷᠢᠶᠠᠴᠢᠳ ᠠᠴᠠ 3 ᠮᠤᠵᠢ ᠶᠢᠨ 4 ᠰᠢᠶᠠᠨ ᠳᠤ ᠬᠠᠨᠳᠢᠪᠯᠠᠬᠰᠠᠨ ᠴᠠᠭᠠᠯᠢᠭ ᠴᠠᠢ ᠶᠢᠨ ᠴᠢᠬᠢ ᠨᠢ ᠵᠢᠱᠢᠯᠲᠠ ᠪᠠᠷ 2020 ᠤᠨ ᠤ ᠬᠠᠪᠤᠷ ᠤᠨ ᠤᠯᠠᠷᠢᠯ ᠳᠤ ᠴᠠᠢ ᠶᠢᠨ ᠭᠠᠷᠤᠯᠳᠠ ᠲᠠᠢ ᠪᠤᠯᠵᠦ᠂ ᠬᠠᠨᠳᠢᠪ ᠬᠦᠷᠳᠡᠭᠰᠡᠨ ᠭᠠᠵᠠᠷ ᠤᠨ 5839 ᠶᠠᠳᠠᠭᠤ ᠬᠦᠴᠢᠷᠳᠡᠯᠳᠠᠢ ᠡᠷᠦᠭᠡ ᠶᠢᠨ ᠤᠷᠤᠯᠭ᠎ᠠ ᠶᠢ ᠨᠡᠮᠡᠭᠳᠡᠬᠦᠯᠦᠨ ᠶᠠᠳᠠᠭᠤ ᠠᠴᠠ ᠠᠩᠬᠢᠵᠢᠷᠠᠬᠤ ᠶᠢ ᠲᠠᠶᠢᠴᠢᠯᠠᠬᠤ ᠪᠤᠯᠤᠨ᠎ᠠ᠃

  ᠴᠠᠭᠠᠯᠢᠭ ᠴᠠᠢ ᠶᠢᠨ ᠴᠢᠬᠢ ᠬᠠᠨᠳᠢᠪᠯᠠᠬᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠳᠡᠨ ᠤ ᠶᠠᠳᠠᠭᠤ ᠶᠢ ᠳᠡᠳᠬᠦᠨ ᠬᠦᠴᠢᠷᠳᠡᠯᠳᠠᠢ ᠬᠦᠮᠦᠰ ᠢ ᠳᠡᠮᠵᠢᠬᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠳᠡᠪᠬᠢ ᠬᠦᠴᠦᠨ ᠢ ᠨᠢᠬᠳᠠᠷᠠᠭᠤᠯᠤᠭᠰᠠᠨ ᠶᠤᠮ᠃ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠬᠦᠬᠦ ᠠᠯᠪᠡᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠳᠠᠷᠠᠭᠠᠴᠢ ᠶᠢᠨ ᠠᠯᠬᠤᠮ ᠳᠤ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠨᠡᠩ ᠤᠯᠠᠨ ᠨᠡᠶᠢᠭᠡᠮ ᠤᠨ ᠬᠦᠴᠦᠨ ᠢ ᠵᠤᠷᠢᠬᠵᠢᠭᠤᠯᠤᠨ ᠬᠦᠳᠦᠯᠦᠨ ᠳᠠᠭᠠᠭᠤᠯᠵᠦ ᠪᠠᠶᠢᠭᠠᠳ ᠤᠷᠢᠳ ᠢᠶᠠᠷ ᠪᠠᠶᠠᠵᠢᠬᠰᠠᠨ ᠨᠢ ᠰᠡᠬᠦᠯᠡᠷ ᠪᠠᠶᠠᠵᠢᠬᠰᠠᠳ ᠢ ᠬᠠᠪᠰᠤᠷᠬᠤ ᠠᠷᠭ᠎ᠠ ᠭᠡᠮᠵᠢᠶ᠎ᠠ ᠶᠢ ᠰᠤᠷᠤᠯᠴᠠᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠬᠦ ᠳᠤ ᠲᠤᠬᠢᠷᠠᠬᠤ ᠠᠵᠤ ᠦᠢᠯᠡᠰ ᠢ ᠬᠦᠭᠵᠢᠬᠦᠯᠦᠨ᠎ᠠ ᠭᠡᠵᠦ ᠢᠯᠡᠳᠭᠡᠪᠡ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com