ᠯᠢ ᠫᠧᠩ ᠰᠢᠨ᠄ 《ᠲᠠᠯ᠎ᠠ ᠨᠤᠳᠤᠭ ᠤᠨ ᠴᠢᠳᠠᠪᠦᠷᠢᠳᠠᠨ》᠎ ᠤ ᠢᠨᠵᠧᠨᠧᠷᠢᠩ ᠢ ᠬᠦᠨᠵᠡᠭᠡᠢ ᠨᠡᠶᠢᠳᠡᠪᠦᠷᠢᠵᠢᠭᠤᠯᠵᠤ ᠴᠢᠳᠠᠪᠤᠷᠢᠳᠠᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ ᠦᠭᠡᠷᠡᠴᠢᠯᠯᠡᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ

  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠴᠢᠳᠠᠪᠦᠷᠢᠳᠠᠨ ᠤ ᠠᠵᠢᠯ ᠢ ᠵᠤᠬᠢᠴᠠᠭᠤᠯᠬᠤ ᠲᠤᠭᠤᠢᠢᠯᠠᠩ ᠤᠨ

  ᠳᠤᠮᠳᠠᠳᠤ ᠤᠯᠤᠰ ᠤᠨ ᠢᠨᠲᠧᠷ ᠰᠦᠯᠵᠢᠶᠠᠨ ᠤ ᠮᠡᠳᠡᠭᠡ ᠵᠠᠩᠬᠢ ᠶᠢᠨ ᠲᠦᠪ 3᠎ ᠤ ᠡᠳᠦᠷ ᠪᠡᠭᠡᠵᠢᠩ ᠳᠤ ᠲᠠᠷᠤᠭ᠎ᠠ ᠯᠢ ᠫᠧᠩ ᠰᠢᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ᠂ ᠨᠡᠶᠢᠳᠡᠯᠡᠭᠰᠡᠨ 38 ᠳ᠋ᠤᠭᠠᠷ ᠤᠳᠠᠭ᠎ᠠ ᠶᠢᠨ ᠳᠤᠮᠳᠠᠳᠤ ᠤᠯᠤᠰ ᠤᠨ ᠢᠨᠲᠧᠷ ᠰᠦᠯᠵᠢᠶᠠᠨ ᠤ ᠬᠦᠭᠵᠢᠯᠳᠠ ᠶᠢᠨ ᠪᠠᠶᠢᠳᠠᠯ ᠢ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠠᠵᠢᠯ ᠢ ᠵᠤᠬᠢᠴᠠᠭᠤᠯᠬᠤ ᠲᠤᠭᠤᠢᠢᠯᠠᠩ ᠤᠨ ᠲᠡᠳ᠋ ᠲᠡᠷᠤᠭ᠎ᠠ ᠪᠠᠢ ᠪᠦᠷᠢᠳᠭᠡᠭᠰᠡᠨ ᠮᠡᠳᠡᠬᠦᠯᠦᠯᠳᠠ᠎ ᠳᠤ ᠬᠠᠷᠠᠭᠤᠯᠤᠭᠰᠠᠨ ᠢᠶᠠᠷ᠂ 2016 ᠤᠨ ᠤ 6 ᠰᠠᠷ᠎ᠠ ᠪᠤᠯᠳᠠᠯ᠎ᠠ᠂ ᠮᠠᠨ ᠤ ᠤᠯᠤᠰ ᠤᠨ ᠰᠢᠶᠠᠩ ᠴᠢᠶᠦ᠋ᠨ ᠬᠤᠷᠠᠯ ᠳᠤ ᠤᠷᠤᠯᠴᠠᠵᠠᠢ᠃ᠰᠦᠯᠵᠢᠶᠡᠨ ᠢᠷᠭᠡᠨ ᠤ ᠲᠤᠭ᠎ᠠ 7.1 ᠳ᠋ᠦᠩᠰᠢᠭᠤᠷ ᠲᠤ ᠬᠦᠷᠴᠦ᠂ ᠢᠨᠲᠧᠷ ᠰᠦᠯᠵᠢᠶᠠᠨ ᠤ ᠲᠦᠭᠡᠮᠡᠯᠵᠢᠭᠰᠡᠨ ᠨᠤᠷᠮ 

  ᠯᠢ ᠫᠧᠩ ᠰᠢᠨ ᠵᠢᠭᠠᠵᠤ ᠭᠠᠷᠭᠠᠬᠰᠠᠨ ᠨᠢ᠂ ᠲᠠᠯ᠎ᠠ ᠨᠤᠳᠤᠭ ᠤᠨ ᠴᠢᠳᠠᠪᠤᠷᠢᠳᠠᠨ᠎ ᠤ ᠢᠨᠵᠧᠨᠧᠷᠢᠩ ᠪᠤᠯ 51.7% ᠪᠤᠯᠵᠦ᠂ ᠪᠦᠬᠦ ᠪᠦᠮᠪᠦᠷᠴᠡᠭ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 3.1 ᠬᠤᠪᠢ ᠳᠠᠪᠠᠵᠦ ᠴᠢᠳᠠᠪᠦᠷᠢᠳᠠᠨ ᠢᠶᠠᠷ ᠤᠷᠤᠨ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢᠨ ᠴᠢᠬᠤᠯᠠ ᠠᠴᠢᠶᠠᠯᠠᠪᠤᠷᠢ ᠪᠤᠯᠬᠤ ᠂ ᠰᠦᠯᠵᠢᠶᠡᠨ ᠢᠷᠭᠡᠨ ᠤ ᠲᠤᠭ᠎ᠠ 9 ᠵᠢᠯ ᠳᠠᠷᠠᠭᠠᠯᠠᠨ ᠪᠦᠬᠦ ᠪᠦᠮᠪᠦᠷᠴᠡᠭ ᠲᠤ ᠲᠦᠷᠦᠬᠦᠯᠡᠵᠠᠢ᠃ᠪᠦᠭᠡᠳ ᠪᠦᠬᠦ ᠤᠷᠤᠨ ᠤ ᠴᠢᠳᠠᠪᠤᠷᠢᠳᠠᠨ ᠤ ᠠᠵᠢᠯ ᠤᠨ ᠤᠨᠴᠠᠯᠢᠬᠳᠦ ᠲᠦᠷᠦᠯ ᠲᠡᠮᠳᠡᠭ ᠪᠤᠯᠤᠨ᠎ᠠ᠃ ᠲᠤᠰ ᠢᠨᠵᠧᠨᠧᠷᠢᠩ ᠢ

  ᠤᠢᠢᠯᠠᠭᠠᠭᠰᠠᠨ ᠢᠶᠠᠷ᠂ ᠰᠢᠯᠵᠢᠶ᠎ᠠ ᠴᠢᠮᠡᠭᠡ ᠬᠤᠯᠪᠤᠭᠠᠨ ᠤ ᠰᠦᠯᠵᠢᠶᠠᠨ ᠤ ᠨᠦᠬᠦᠴᠡᠯ ᠳᠠᠰᠤᠷᠠᠯᠳᠠ ᠦᠭᠡᠢ ᠬᠡᠷᠡᠭᠵᠢᠭᠦᠯᠦᠭᠰᠡᠨ ᠠᠴᠠ ᠨᠠᠰᠢ᠂ ᠲᠡᠭᠡᠳᠦ ᠲᠡᠰ ᠤᠨ ᠬᠦᠳᠦᠯᠦᠨ ᠲᠠᠭᠠᠭᠤᠯᠬᠤ ᠶᠢ ᠴᠢᠬᠤᠯᠠᠴᠢᠯᠠᠵᠤ᠂ ᠬᠡᠷᠡᠭᠯᠡᠭᠦ ᠪᠠᠷ ᠰᠠᠶᠢᠵᠢᠷᠠᠬᠤ ᠵᠢᠴᠢ ᠤᠶᠤᠳᠤ ᠭᠠᠷ ᠤᠳᠠᠰᠤ ᠴᠢᠨᠠᠭᠰᠢᠳᠠ ᠲᠦᠭᠡᠮᠡᠯᠵᠢᠬᠦ ᠶᠢ ᠳᠠᠭᠠᠯᠳᠤᠨ᠂ ᠮᠠᠨ ᠤ ᠤᠯᠤᠰ ᠤᠨ ᠰᠦᠯᠵᠢᠶᠡᠨ ᠦᠨᠳᠦᠰᠦ ᠪᠤᠯᠭᠠᠵᠤ᠂ ᠲᠡᠭᠡᠳᠦ ᠲᠡᠰ ᠲᠠᠪᠬᠤᠷᠭ᠎ᠠ ᠶᠢᠨ ᠴᠢᠳᠠᠪᠤᠷᠢᠳᠠᠨ ᠢ ᠬᠦᠮᠦᠵᠢᠭᠦᠯᠭᠦ ᠤᠷᠢᠬᠤ ᠬᠡᠷᠡᠭᠯᠡᠭᠦ ᠲᠠᠯ᠎ᠠ ᠪᠠᠷ ᠢᠷᠭᠡᠨ ᠤ ᠰᠦᠯᠵᠢᠶᠡᠨ ᠳᠤ ᠭᠠᠷᠬᠤ ᠲᠦᠬᠦᠭᠡᠷᠤᠮᠵᠢ ᠨᠢ ᠰᠢᠯᠵᠢᠶ᠎ᠠ ᠲᠦᠬᠦᠭᠡᠷᠦᠮᠵᠢ ᠤᠷᠤᠭᠤ ᠲᠦᠪᠯᠡᠷᠡᠵᠦ᠂ ᠭᠠᠷ ᠴᠢᠬᠤᠯᠠ ᠦᠢᠯᠡᠳᠦᠯ ᠦᠵᠡᠬᠦᠯᠪᠠ᠃ ᠤᠳᠤᠬᠠᠨ ᠳᠤ᠂ ᠡᠯ᠎ᠠ ᠪᠦᠷᠢᠯᠳᠦᠭᠦᠨ ᠨᠢᠭᠡᠴᠡ ᠶᠢᠨ ᠬᠢᠨ ᠶᠡᠷᠦᠩᠬᠡᠢ ᠱᠦᠵᠢ ᠰᠢ ᠶᠢᠨ ᠤᠳᠠᠰᠤᠨ ᠤ ᠰᠦᠯᠵᠢᠶᠡᠨ ᠢᠷᠭᠡᠨ ᠤ ᠭᠡᠮᠵᠢᠶ᠎ᠠ 6.56 ᠳ᠋ᠦᠩᠰᠢᠭᠤᠷ ᠲᠤ ᠬᠦᠷᠦᠭᠰᠡᠨ ᠪᠠᠶᠢᠨ᠎ᠠ᠃ᠫᠢᠩ ᠤᠨ ᠴᠢᠳᠠᠪᠤᠷᠢᠳᠠᠨ ᠢ ᠬᠦᠭᠵᠢᠭᠦᠯᠭᠦ ᠲᠤᠬᠠᠢ ᠴᠢᠬᠤᠯᠠ ᠦᠭᠦᠯᠡᠮᠵᠢ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠪᠠᠷ 

  ᠡᠬᠦᠨ ᠤ ᠵᠡᠷᠭᠡᠪᠡᠷ᠂ ᠮᠠᠨ ᠤ ᠤᠯᠤᠰ ᠤᠨ ᠬᠦᠳᠡᠭᠡ ᠲᠤᠰᠬᠤᠨ ᠤ ᠢᠨᠲᠧᠷ ᠰᠦᠯᠵᠢᠶ᠎ᠠ ᠲᠦᠭᠡᠮᠡᠯᠵᠢᠭᠰᠡᠨ ᠨᠤᠷᠮ᠎ᠠ ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ ᠰᠤᠷᠤᠯᠴᠠᠯᠭ᠎ᠠ ᠬᠦᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠲᠤᠭᠳᠠᠭᠤᠨ ᠨᠡᠮᠡᠭᠳᠡᠯ ᠢᠶᠠᠨ ᠪᠠᠳᠤᠯᠠᠵᠦ᠂ 6 ᠰᠠᠷ᠎ᠠ ᠪᠤᠯᠳᠠᠯ᠎ᠠ 31.7% ᠪᠤᠯᠤᠭᠰᠠᠨ ᠪᠠᠶᠢᠨ᠎ᠠ᠃ᠦᠨᠳᠦᠰᠦᠳᠡᠨ ᠤ ᠭᠠᠵᠠᠷ ᠤᠷᠤᠨ ᠤ ᠪᠤᠳᠠᠳᠤ ᠪᠠᠶᠢᠳᠠᠯ ᠳᠠᠭᠠᠨ ᠰᠠᠭᠤᠷᠢᠯᠠᠨ᠂ ᠴᠢᠳᠠᠪᠤᠷᠢᠳᠠᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ ᠦᠭᠡᠷᠡᠴᠢᠯᠡᠯᠳᠡ ᠶᠢ ᠴᠢᠨᠠᠬᠰᠢᠳᠠ ᠬᠦᠨᠵᠡᠭᠡᠶᠢᠷᠡᠭᠦᠯᠵᠤ᠂ ᠨᠡᠩ ᠪᠦᠷᠢᠨ ᠲᠡᠭᠦᠯᠳᠡᠷᠵᠢᠭᠰᠡᠨ ᠲᠦᠷᠦ ᠶᠢᠨ ᠪᠤᠳᠤᠯᠭ᠎ᠠ ᠲᠤᠭᠳᠠᠴᠠ ᠪᠠᠷ ᠡᠯ᠎ᠠ ᠲᠦᠷᠦᠯ ᠤᠨ ᠴᠢᠳᠠᠪᠤᠷᠢᠳᠠᠨ ᠤ ᠰᠢᠨ᠎ᠡ ᠶᠢ ᠡᠭᠦᠳᠭᠦ ᠡᠭᠦᠳᠦᠨ ᠪᠦᠳᠦᠭᠡᠭᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠪᠠᠳᠠᠷᠠᠭᠤᠯᠬᠤ ᠭᠡᠷᠡᠭᠳᠡᠢ ᠬᠡᠪᠡ᠃

  ᠯᠢ ᠫᠧᠩ ᠰᠢᠨ ᠴᠢᠬᠤᠯᠠᠴᠢᠯᠠᠬᠰᠠᠨ ᠨᠢ᠂ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠵᠤ᠂ ᠰᠡᠳᠬᠢᠯ ᠢᠶᠠᠨ ᠨᠢᠭᠡᠳᠭᠡᠵᠤ ᠬᠦᠴᠦᠨ ᠢᠶᠠᠨ ᠬᠠᠮᠳᠤᠳᠬᠠᠵᠤ ᠴᠢᠳᠠᠪᠤᠷᠢᠳᠠᠨ ᠤ ᠠᠵᠢᠯ ᠢ ᠰᠠᠶᠢᠳᠤᠷ ᠬᠢᠭᠦ ᠬᠡᠷᠡᠭᠳᠡᠢ᠃ ᠡᠯ᠎ᠠ ᠱᠠᠳᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠴᠢᠳᠠᠪᠦᠷᠢᠳᠠᠨ ᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠲᠦᠷᠦᠭᠦᠯᠡᠨ ᠠᠳᠬᠤᠬᠤ ᠶᠢ ᠦᠨᠡᠨᠭᠦ ᠬᠦᠢᠴᠡᠳᠭᠡᠵᠤ᠂ ᠠᠵᠢᠯ ᠤᠨ ᠠᠬᠢᠴᠠ ᠶᠢ ᠤᠢᠢᠯᠠᠭᠠᠨ᠂ ᠰᠠᠨᠠᠯ ᠰᠠᠨᠠᠭᠤᠯᠭ᠎ᠠ ᠶᠢ ᠰᠤᠨᠤᠰᠴᠤ᠂ ᠡᠯ᠎ᠠ ᠵᠦᠢᠯ ᠤᠨ ᠠᠵᠢᠯ ᠢ ᠵᠤᠬᠢᠴᠠᠭᠤᠯᠤᠨ ᠨᠠᠶᠢᠳᠠᠪᠤᠷᠢᠭᠤᠯᠬᠤ ᠶᠢ ᠠᠬᠢᠭᠤᠯᠬᠤ ᠬᠡᠷᠡᠭᠳᠡᠢ᠃ ᠡᠯ᠎ᠠ ᠪᠦᠷᠢᠯᠳᠦᠭᠦᠨ ᠨᠢᠭᠡᠴᠡ ᠪᠦᠬᠦ ᠲᠠᠯ᠎ᠠ ᠶᠢ ᠲᠠᠭᠠᠬᠤ ᠦᠵᠡᠯ ᠰᠠᠨᠠᠭ᠎ᠠ ᠶᠢ ᠪᠤᠢ ᠪᠤᠯᠭᠠᠵᠤ᠂ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠵᠤ᠂ ᠲᠤᠰ ᠬᠦᠷᠢᠶ᠎ᠡ ᠲᠤᠰ ᠰᠢᠰᠲ᠋ᠧᠮ ᠤᠨ ᠢᠶᠠᠨ ᠴᠢᠳᠠᠪᠤᠷᠢᠳᠠᠨ ᠤ ᠠᠵᠢᠯ ᠢ ᠴᠢᠩᠭ᠎ᠠ ᠠᠳᠬᠤᠨ ᠪᠤᠳᠠᠳᠠᠢ ᠠᠳᠬᠤᠨ ᠵᠤᠬᠢᠰᠳᠠᠢ ᠠᠳᠬᠤᠬᠤ ᠬᠡᠷᠡᠭᠳᠡᠢ᠃ ᠵᠠᠷᠢᠮ ᠰᠢᠪᠳᠤᠯᠤᠯᠳᠠ ᠶᠢᠨ ᠴᠢᠨᠠᠷ ᠲᠠᠢ᠂ ᠵᠢᠱᠢᠶ᠎ᠡ ᠦᠵᠡᠭᠦᠯᠭᠦ ᠴᠢᠨᠠᠷ ᠲᠠᠢ ᠴᠢᠳᠠᠪᠦᠷᠢᠳᠠᠨ ᠤ ᠲᠦᠷᠦᠯ ᠵᠦᠢᠯ ᠳᠤ᠂ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠬᠤᠯᠪᠤᠭᠠᠯᠠᠨ ᠬᠡᠷᠡᠭᠵᠢᠭᠦᠯᠵᠤ᠂ ᠤᠷᠤᠨ ᠨᠤᠳᠤᠭ ᠤᠨ ᠦᠭᠡᠷᠡᠴᠢᠯᠡᠯᠳᠠ ᠰᠢᠨᠡᠴᠢᠯᠠᠯᠳᠠ ᠶᠢᠨ ᠲᠦᠷᠦᠯ ᠵᠦᠢᠯ ᠤᠨ ᠤᠷᠢᠳᠠᠪᠡᠷ ᠬᠡᠷᠡᠭᠵᠢᠭᠦᠯᠦᠨ ᠤᠷᠢᠳᠠᠪᠡᠷ ᠲᠤᠷᠰᠢᠵᠤ᠂ ᠤᠷᠢᠳᠠᠪᠡᠷ ᠦᠷ᠎ᠡ ᠪᠦᠳᠦᠭᠡᠯ ᠭᠠᠷᠭᠠᠬᠤ ᠶᠢ ᠵᠤᠷᠢᠬᠵᠢᠭᠤᠯᠵᠤ᠂ ᠴᠢᠳᠠᠪᠤᠷᠢᠳᠠᠨ ᠤ ᠠᠵᠢᠯ ᠤᠨ ᠰᠢᠨ᠎ᠡ ᠨᠡᠩ ᠰᠠᠶᠢᠨ ᠦᠷ᠎ᠡ ᠪᠦᠳᠦᠮᠵᠢ ᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ ᠬᠡᠵᠡᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com