ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠠᠵᠢᠯ ᠢ ᠵᠤᠬᠢᠴᠠᠭᠤᠯᠬᠤ ᠲᠤᠭᠤᠢᠢᠯᠠᠩ ᠤᠨ ᠬᠤᠷᠠᠯ ᠬᠤᠷᠠᠯᠳᠤᠪᠠ

   ᠯᠢ ᠫᠧᠩ ᠰᠢᠨ ᠪᠠᠢ ᠰᠢᠶᠠᠩ ᠴᠢᠶᠦ᠋ᠨ ᠬᠤᠷᠠᠯ ᠳᠤ ᠤᠷᠤᠯᠴᠠᠵᠠᠢ

  8 ᠰᠠᠷ᠎ᠠ ᠶᠢᠨ 3᠎ ᠤ ᠡᠳᠦᠷ᠂ ᠦᠪᠡᠷᠳᠡᠭᠡᠨ ᠵᠠᠰᠠᠬᠤ ᠤᠷᠤᠨ ᠴᠢᠳᠠᠪᠤᠷᠢᠳᠠᠨ ᠤ ᠠᠵᠢᠯ ᠢ ᠵᠤᠬᠢᠴᠠᠭᠤᠯᠬᠤ ᠲᠤᠭᠤᠢᠢᠯᠠᠩ ᠤᠨ ᠬᠤᠷᠠᠯ ᠬᠤᠷᠠᠯᠳᠤᠭᠤᠯᠵᠤ᠂ 2016 ᠤᠨ ᠤ ᠲᠠᠯ᠎ᠠ ᠨᠤᠳᠤᠭ ᠤᠨ ᠴᠢᠳᠠᠪᠤᠷᠢᠳᠠᠨ᠎ ᠤ ᠢᠨᠵᠧᠨᠧᠷᠢᠩ ᠢ ᠬᠢᠨᠡᠨ ᠲᠤᠭᠳᠠᠭᠠᠬᠤ ᠦᠷ᠎ᠡ ᠳ᠋ᠦ᠋ᠩ ᠵᠢᠴᠢ ᠪᠡᠯᠡ ᠮᠦᠩᠭᠦ ᠶᠢ ᠬᠡᠷᠡᠭᠯᠡᠬᠦ ᠲᠦᠰᠦᠯ ᠢ ᠬᠢᠨᠠᠨ ᠵᠦᠪᠯᠡᠵᠤ᠂ ᠲᠠᠷᠠᠭᠠᠴᠢ ᠶᠢᠨ ᠠᠯᠬᠤᠮ ᠤᠨ ᠴᠢᠳᠠᠪᠤᠷᠢᠳᠠᠨ ᠤ ᠠᠵᠢᠯ ᠳᠤ ᠪᠠᠶᠢᠷᠢᠯᠠᠭᠤᠯᠤᠯᠳᠠ ᠬᠢᠪᠠ᠃

  

  

  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠴᠢᠳᠠᠪᠦᠷᠢᠳᠠᠨ ᠤ ᠠᠵᠢᠯ ᠢ ᠵᠤᠬᠢᠴᠠᠭᠤᠯᠬᠤ ᠲᠤᠭᠤᠢᠢᠯᠠᠩ ᠤᠨ ᠲᠠᠷᠤᠭ᠎ᠠ ᠯᠢ ᠫᠧᠩ ᠰᠢᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠠᠵᠢᠯ ᠢ ᠵᠤᠬᠢᠴᠠᠭᠤᠯᠬᠤ ᠲᠤᠭᠤᠢᠢᠯᠠᠩ ᠤᠨ ᠲᠡᠳ᠋ ᠲᠡᠷᠤᠭ᠎ᠠ ᠪᠠᠢ ᠰᠢᠶᠠᠩ ᠴᠢᠶᠦ᠋ᠨ ᠬᠤᠷᠠᠯ ᠳᠤ ᠤᠷᠤᠯᠴᠠᠵᠠᠢ᠃

  ᠯᠢ ᠫᠧᠩ ᠰᠢᠨ ᠵᠢᠭᠠᠵᠤ ᠭᠠᠷᠭᠠᠬᠰᠠᠨ ᠨᠢ᠂ ᠲᠠᠯ᠎ᠠ ᠨᠤᠳᠤᠭ ᠤᠨ ᠴᠢᠳᠠᠪᠤᠷᠢᠳᠠᠨ᠎ ᠤ ᠢᠨᠵᠧᠨᠧᠷᠢᠩ ᠪᠤᠯ ᠴᠢᠳᠠᠪᠦᠷᠢᠳᠠᠨ ᠢᠶᠠᠷ ᠤᠷᠤᠨ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢᠨ ᠴᠢᠬᠤᠯᠠ ᠠᠴᠢᠶᠠᠯᠠᠪᠤᠷᠢ ᠪᠤᠯᠬᠤ ᠪᠦᠭᠡᠳ ᠪᠦᠬᠦ ᠤᠷᠤᠨ ᠤ ᠴᠢᠳᠠᠪᠤᠷᠢᠳᠠᠨ ᠤ ᠠᠵᠢᠯ ᠤᠨ ᠤᠨᠴᠠᠯᠢᠬᠳᠦ ᠲᠦᠷᠦᠯ ᠲᠡᠮᠳᠡᠭ ᠪᠤᠯᠤᠨ᠎ᠠ᠃ ᠲᠤᠰ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠲᠡᠭᠡᠳᠦ ᠲᠡᠰ ᠢᠶᠠᠷ ᠬᠦᠳᠦᠯᠦᠨ ᠲᠠᠭᠠᠭᠤᠯᠵᠤ ᠶᠢ ᠴᠢᠬᠤᠯᠠᠴᠢᠯᠠᠵᠤ᠂ ᠬᠡᠷᠡᠭᠯᠡᠭᠦ ᠪᠠᠷ ᠦᠨᠳᠦᠰᠦ ᠪᠤᠯᠭᠠᠬᠤ ᠶᠢ ᠴᠢᠬᠤᠯᠠᠴᠢᠯᠠᠵᠤ᠂ ᠲᠡᠭᠡᠳᠦ ᠲᠡᠰ ᠲᠠᠪᠬᠤᠷᠭ᠎ᠠ ᠶᠢᠨ ᠴᠢᠳᠠᠪᠤᠷᠢᠳᠠᠨ ᠢ ᠬᠦᠮᠦᠵᠢᠭᠦᠯᠭᠦ ᠤᠷᠤᠭᠤᠯᠤᠨ ᠠᠪᠴᠢᠷᠠᠬᠤ ᠬᠡᠷᠡᠭᠯᠡᠭᠦ ᠲᠠᠯ᠎ᠠ ᠪᠠᠷ ᠴᠢᠬᠤᠯᠠ ᠦᠢᠯᠡᠳᠦᠯ ᠦᠵᠡᠬᠦᠯᠪᠠ᠃ ᠤᠳᠤᠬᠠᠨ ᠳᠤ᠂ ᠡᠯ᠎ᠠ ᠪᠦᠷᠢᠯᠳᠦᠭᠦᠨ ᠨᠢᠭᠡᠴᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠳᠠᠪᠤᠷᠢᠳᠠᠨ ᠢ ᠬᠦᠭᠵᠢᠭᠦᠯᠭᠦ ᠲᠤᠬᠠᠢ ᠴᠢᠬᠤᠯᠠ ᠦᠭᠦᠯᠡᠮᠵᠢ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠶᠢ ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ ᠰᠤᠷᠤᠯᠴᠠᠯᠭ᠎ᠠ ᠬᠦᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠦᠨᠳᠦᠰᠦᠳᠡᠨ ᠤ ᠭᠠᠵᠠᠷ ᠤᠷᠤᠨ ᠤ ᠪᠤᠳᠠᠳᠤ ᠪᠠᠶᠢᠳᠠᠯ ᠳᠠᠭᠠᠨ ᠰᠠᠭᠤᠷᠢᠯᠠᠨ᠂ ᠴᠢᠳᠠᠪᠤᠷᠢᠳᠠᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ ᠦᠭᠡᠷᠡᠴᠢᠯᠡᠯᠳᠡ ᠶᠢ ᠴᠢᠨᠠᠬᠰᠢᠳᠠ ᠬᠦᠨᠵᠡᠭᠡᠶᠢᠷᠡᠭᠦᠯᠵᠤ᠂ ᠨᠡᠩ ᠪᠦᠷᠢᠨ ᠲᠡᠭᠦᠯᠳᠡᠷᠵᠢᠭᠰᠡᠨ ᠲᠦᠷᠦ ᠶᠢᠨ ᠪᠤᠳᠤᠯᠭ᠎ᠠ ᠲᠤᠭᠳᠠᠴᠠ ᠪᠠᠷ ᠡᠯ᠎ᠠ ᠲᠦᠷᠦᠯ ᠤᠨ ᠴᠢᠳᠠᠪᠤᠷᠢᠳᠠᠨ ᠤ ᠰᠢᠨ᠎ᠡ ᠶᠢ ᠡᠭᠦᠳᠭᠦ ᠡᠭᠦᠳᠦᠨ ᠪᠦᠳᠦᠭᠡᠭᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠪᠠᠳᠠᠷᠠᠭᠤᠯᠬᠤ ᠭᠡᠷᠡᠭᠳᠡᠢ ᠬᠡᠪᠡ᠃

  ᠯᠢ ᠫᠧᠩ ᠰᠢᠨ ᠴᠢᠬᠤᠯᠠᠴᠢᠯᠠᠬᠰᠠᠨ ᠨᠢ᠂ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠵᠤ᠂ ᠰᠡᠳᠬᠢᠯ ᠢᠶᠠᠨ ᠨᠢᠭᠡᠳᠭᠡᠵᠤ ᠬᠦᠴᠦᠨ ᠢᠶᠠᠨ ᠬᠠᠮᠳᠤᠳᠬᠠᠵᠤ ᠴᠢᠳᠠᠪᠤᠷᠢᠳᠠᠨ ᠤ ᠠᠵᠢᠯ ᠢ ᠰᠠᠶᠢᠳᠤᠷ ᠬᠢᠭᠦ ᠬᠡᠷᠡᠭᠳᠡᠢ᠃ ᠡᠯ᠎ᠠ ᠱᠠᠳᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠴᠢᠳᠠᠪᠦᠷᠢᠳᠠᠨ ᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠲᠦᠷᠦᠭᠦᠯᠡᠨ ᠠᠳᠬᠤᠬᠤ ᠶᠢ ᠦᠨᠡᠨᠭᠦ ᠬᠦᠢᠴᠡᠳᠭᠡᠵᠤ᠂ ᠠᠵᠢᠯ ᠤᠨ ᠠᠬᠢᠴᠠ ᠶᠢ ᠤᠢᠢᠯᠠᠭᠠᠨ᠂ ᠰᠠᠨᠠᠯ ᠰᠠᠨᠠᠭᠤᠯᠭ᠎ᠠ ᠶᠢ ᠰᠤᠨᠤᠰᠴᠤ᠂ ᠡᠯ᠎ᠠ ᠵᠦᠢᠯ ᠤᠨ ᠠᠵᠢᠯ ᠢ ᠵᠤᠬᠢᠴᠠᠭᠤᠯᠤᠨ ᠨᠠᠶᠢᠳᠠᠪᠤᠷᠢᠭᠤᠯᠬᠤ ᠶᠢ ᠠᠬᠢᠭᠤᠯᠬᠤ ᠬᠡᠷᠡᠭᠳᠡᠢ᠃ ᠡᠯ᠎ᠠ ᠪᠦᠷᠢᠯᠳᠦᠭᠦᠨ ᠨᠢᠭᠡᠴᠡ ᠪᠦᠬᠦ ᠲᠠᠯ᠎ᠠ ᠶᠢ ᠲᠠᠭᠠᠬᠤ ᠦᠵᠡᠯ ᠰᠠᠨᠠᠭ᠎ᠠ ᠶᠢ ᠪᠤᠢ ᠪᠤᠯᠭᠠᠵᠤ᠂ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠵᠤ᠂ ᠲᠤᠰ ᠬᠦᠷᠢᠶ᠎ᠡ ᠲᠤᠰ ᠰᠢᠰᠲ᠋ᠧᠮ ᠤᠨ ᠢᠶᠠᠨ ᠴᠢᠳᠠᠪᠤᠷᠢᠳᠠᠨ ᠤ ᠠᠵᠢᠯ ᠢ ᠴᠢᠩᠭ᠎ᠠ ᠠᠳᠬᠤᠨ ᠪᠤᠳᠠᠳᠠᠢ ᠠᠳᠬᠤᠨ ᠵᠤᠬᠢᠰᠳᠠᠢ ᠠᠳᠬᠤᠬᠤ ᠬᠡᠷᠡᠭᠳᠡᠢ᠃ ᠵᠠᠷᠢᠮ ᠰᠢᠪᠳᠤᠯᠤᠯᠳᠠ ᠶᠢᠨ ᠴᠢᠨᠠᠷ ᠲᠠᠢ᠂ ᠵᠢᠱᠢᠶ᠎ᠡ ᠦᠵᠡᠭᠦᠯᠭᠦ ᠴᠢᠨᠠᠷ ᠲᠠᠢ ᠴᠢᠳᠠᠪᠦᠷᠢᠳᠠᠨ ᠤ ᠲᠦᠷᠦᠯ ᠵᠦᠢᠯ ᠳᠤ᠂ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠬᠤᠯᠪᠤᠭᠠᠯᠠᠨ ᠬᠡᠷᠡᠭᠵᠢᠭᠦᠯᠵᠤ᠂ ᠤᠷᠤᠨ ᠨᠤᠳᠤᠭ ᠤᠨ ᠦᠭᠡᠷᠡᠴᠢᠯᠡᠯᠳᠠ ᠰᠢᠨᠡᠴᠢᠯᠠᠯᠳᠠ ᠶᠢᠨ ᠲᠦᠷᠦᠯ ᠵᠦᠢᠯ ᠤᠨ ᠤᠷᠢᠳᠠᠪᠡᠷ ᠬᠡᠷᠡᠭᠵᠢᠭᠦᠯᠦᠨ ᠤᠷᠢᠳᠠᠪᠡᠷ ᠲᠤᠷᠰᠢᠵᠤ᠂ ᠤᠷᠢᠳᠠᠪᠡᠷ ᠦᠷ᠎ᠡ ᠪᠦᠳᠦᠭᠡᠯ ᠭᠠᠷᠭᠠᠬᠤ ᠶᠢ ᠵᠤᠷᠢᠬᠵᠢᠭᠤᠯᠵᠤ᠂ ᠴᠢᠳᠠᠪᠤᠷᠢᠳᠠᠨ ᠤ ᠠᠵᠢᠯ ᠤᠨ ᠰᠢᠨ᠎ᠡ ᠨᠡᠩ ᠰᠠᠶᠢᠨ ᠦᠷ᠎ᠡ ᠪᠦᠳᠦᠮᠵᠢ ᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ ᠬᠡᠵᠡᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com