ᠮᠠᠨ᠎᠎᠎ ᠤ ᠤᠷᠤᠨ ᠹᠦᠳᠡᠨ ᠶᠡᠭᠡ ᠰᠤᠷᠭᠠᠭᠤᠯᠢ ᠳᠤ ᠬᠦᠷᠴᠦ ᠴᠢᠳᠠᠪᠤᠷᠢᠳᠡᠨ ᠤᠷᠤᠭᠤᠯᠤᠨ ᠠᠪᠴᠢᠷᠠᠬᠤ ᠳᠤᠰᠬᠠᠢ ᠠᠵᠢᠯᠯᠠᠭ᠎ᠠ ᠦᠷᠨᠢᠬᠦᠯᠪᠡ

  4 ᠳ᠋ᠦ᠋ᠭᠡᠷ ᠰᠠᠷ᠎ᠠ ᠶᠢᠨ 12᠎ ᠤᠨ ᠡᠳᠦᠷ᠂ ᠦᠪᠡᠷᠳᠡᠬᠡᠨ ᠵᠠᠰᠠᠬᠤ ᠤᠷᠤᠨ᠎ ᠤ ᠨᠠᠮ ᠤᠨ ᠬᠤᠷᠢᠶᠠᠨ᠎ ᠤ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠬᠡᠨ ᠵᠠᠰᠠᠬᠤ ᠤᠷᠤᠨ᠎ ᠤ ᠬᠦᠮᠦᠨ᠎ ᠤ ᠬᠦᠴᠦᠨ᠎ ᠤ ᠡᠬᠢ ᠪᠠᠶᠠᠯᠢᠬ ᠨᠡᠶᠢᠭᠡᠮ ᠎ ᠤᠨ ᠪᠠᠲᠤᠯᠠᠭ᠎ᠠ ᠶᠢᠨ ᠳᠢᠩᠬᠢᠮ ᠠᠴᠠ ᠭᠤᠤᠯᠯᠠᠨ ᠡᠷᠬᠢᠯᠡᠭᠰᠡᠨ ᠴᠢᠳᠠᠪᠤᠷᠢᠳᠠᠨ ᠢ ᠦᠷᠬᠡᠨ ᠢᠶᠠᠷ ᠤᠷᠤᠭᠤᠯᠤᠨ ᠠᠪᠴᠢᠷᠠᠵᠤ ᠳᠠᠯ᠎ᠠ ᠨᠤᠳᠤᠬ ᠲᠤ ᠡᠷᠳᠡᠮᠳᠡᠨ ᠢ ᠬᠤᠷᠠᠨ ᠴᠤᠬᠯᠠᠭᠤᠯᠬᠤ — ᠹᠦᠳᠡᠨ ᠶᠡᠭᠡ ᠰᠤᠷᠭᠠᠭᠤᠯᠢ ᠳᠤ ᠬᠦᠷᠴᠦ ᠦᠪᠦᠷ ᠮᠤᠩᠭᠤᠯ ᠤᠨ ᠬᠦᠭᠵᠢᠯᠳᠡ ᠶᠢ ᠳᠠᠨᠢᠯᠴᠠᠭᠤᠯᠬᠤ ᠬᠤᠷᠠᠯ ᠵᠢᠴᠢ 2018 ᠣᠨ ᠳᠤ ᠳᠡᠬᠦᠰᠬᠦ ᠤᠶᠤᠳᠠᠳ ᠢ ᠤᠷᠢᠵᠦ ᠡᠯᠰᠡᠬᠦ ᠴᠤᠬᠯᠠᠭᠠᠨ ᠹᠦᠳᠡᠨ ᠶᠡᠭᠡ ᠰᠤᠷᠭᠠᠭᠤᠯᠢ ᠳᠤ ᠶᠠᠪᠤᠬᠳᠠᠪᠠ᠃

  ᠦᠪᠡᠷᠳᠡᠬᠡᠨ ᠵᠠᠰᠠᠬᠤ ᠤᠷᠤᠨ᠎ ᠤ ᠨᠠᠮ ᠤᠨ ᠬᠤᠷᠢᠶᠠᠨ᠎ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠽᠧᠩ ᠢ ᠴᠦᠨ ᠳᠠᠨᠢᠯᠴᠠᠭᠤᠯᠬᠤ ᠬᠤᠷᠠᠯ ᠳᠤ ᠤᠷᠤᠯᠴᠠᠵᠦ ᠶᠠᠷᠢᠶ᠎ᠠ ᠳᠠᠯᠪᠢᠪᠠ᠂ ᠦᠪᠡᠷᠳᠡᠬᠡᠨ ᠵᠠᠰᠠᠬᠤ ᠤᠷᠤᠨ᠎ ᠤ ᠳᠡᠳ᠋ ᠳᠡᠷᠢᠬᠦᠯᠡᠭᠴᠢ ᠡᠸᠦ ᠶᠠᠩ ᠰᠢᠶᠤᠤ ᠬᠤᠢ ᠳᠠᠨᠢᠯᠴᠠᠭᠤᠯᠬᠤ ᠬᠤᠷᠠᠯ ᠢ ᠡᠷᠬᠢᠯᠡᠪᠡ᠃

  ᠽᠧᠩ ᠢ ᠴᠦᠨ ᠬᠡᠯᠡᠭᠰᠡᠨ ᠨᠢ᠂ ᠪᠢᠳᠡ ᠦᠪᠦᠷ ᠮᠤᠩᠭᠤᠯ ᠤᠨ 2500 ᠭᠠᠷᠤᠢ ᠳᠦᠮᠡᠨ ᠠᠷᠠᠳ ᠳᠦᠮᠡᠨ ᠎᠎ ᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠤᠷᠯᠡᠵᠥ᠂ ᠡᠷᠳᠡᠮᠳᠡᠨ ᠮᠡᠷᠬᠡᠳ ᠢ ᠤᠷᠢᠬᠤ ᠪᠠᠷ ᠬᠦᠷᠴᠤ ᠢᠷᠡᠪᠡ᠂ ᠹᠦᠳᠡᠨ ᠶᠡᠭᠡ ᠰᠤᠷᠭᠠᠭᠤᠯᠢ ᠶᠢᠨ ᠵᠠᠯᠠᠭᠤ ᠴᠢᠳᠠᠪᠤᠷᠢᠳᠡᠨ ᠨᠠᠷ ᠦᠪᠦᠷ ᠮᠤᠩᠭᠤᠯ ᠳᠤ ᠬᠦᠷᠴᠤ ᠠᠪᠢᠶᠠᠰ ᠪᠢᠯᠢᠭ ᠢᠶᠠᠨ ᠪᠠᠳᠠᠷᠠᠭᠤᠯᠤᠨ᠂ ᠠᠵᠢᠯ ᠦᠢᠯᠡᠰ ᠲᠡᠭᠡᠨ ᠠᠮᠵᠢᠯᠳᠠ ᠭᠠᠷᠭᠠᠵᠦ᠂ ᠬᠦᠰᠡᠯ ᠵᠡᠬᠦᠳᠦ ᠪᠠᠨ ᠳᠡᠷᠬᠡᠯᠰᠢᠬᠦᠯᠬᠦ ᠶᠢ ᠬᠦᠰᠡᠵᠦ ᠪᠠᠶᠢᠨ᠎ᠠ᠃ ᠲᠠ ᠨᠠᠷ ᠦᠪᠦᠷ ᠮᠤᠩᠭᠤᠯ ᠤᠨ ᠦᠷᠬᠡᠨ ᠠᠭᠤᠳᠠᠮ ᠨᠤᠳᠤᠬ ᠳᠡᠪᠢᠰᠬᠡᠷ ᠳᠡᠭᠡᠷ᠎ᠠ ᠦᠢᠯᠡᠰ ᠪᠤᠰᠬᠠᠵᠤ ᠠᠮᠵᠢᠯᠳᠠ ᠭᠠᠷᠭᠠᠬᠤ ᠨᠢ ᠡᠭᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠳᠤ ᠦᠩᠬᠡ ᠬᠢᠯᠪᠠᠭ᠎ᠠ ᠨᠡᠮᠡᠷᠢᠯᠡᠭᠰᠡᠨ ᠶᠠᠪᠤᠳᠠᠯ ᠪᠤᠯᠤᠨ᠎ᠠ᠃ ᠦᠪᠦᠷ ᠮᠤᠩᠭᠤᠯ ᠯᠠᠪᠳᠠᠶ᠎ᠠ ᠴᠢᠩ ᠰᠡᠳᠬᠢᠯ ᠠᠴᠠ ᠪᠠᠨ ᠴᠢᠳᠠᠪᠤᠷᠢᠳᠡᠨ ᠢ ᠬᠠᠶᠢᠷᠠᠯᠠᠨ ᠬᠠᠯᠠᠮᠵᠢᠯᠠᠵᠦ᠂ ᠴᠢᠳᠠᠪᠤᠷᠢᠳᠡᠨ ᠲᠠᠢ ᠰᠡᠳᠬᠢᠯ ᠵᠢᠷᠦᠬᠡ ᠪᠠᠨ ᠬᠤᠯᠪᠣᠨ ᠴᠢᠳᠠᠪᠤᠷᠢᠳᠠᠠ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠂ ᠴᠢᠳᠠᠪᠤᠷᠢᠳᠡᠨ᠎ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠰᠠᠨᠠᠭ᠎ᠠ ᠠᠯᠭᠠᠰᠠᠭᠤᠯᠬᠤ ᠦᠬᠡᠢ ᠪᠠᠶᠢᠯᠭᠠᠵᠦ᠂ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤᠪᠠᠷ ᠳᠡᠷᠬᠡᠯᠰᠢᠬᠦᠯᠬᠦ ᠳᠡᠮᠡᠴᠡᠯ ᠳᠤ ᠦᠢᠯᠡᠰ ᠤᠨ ᠰᠠᠶᠢᠬᠠᠨ ᠬᠠᠭᠤᠳᠠᠰᠤ ᠶᠢ ᠪᠢᠴᠢᠭᠯᠡᠭᠦᠯᠭᠦ ᠶᠤᠮ ᠬᠡᠪᠡ᠃

  ᠳᠠᠨᠢᠯᠴᠠᠭᠤᠯᠬᠤ ᠬᠤᠷᠠᠯ ᠤᠨ ᠳᠠᠷᠠᠭ᠎ᠠ᠂ ᠽᠧᠩ ᠢ ᠴᠦᠨ ᠨᠠᠷ ᠹᠦᠳᠡᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ᠎ ᠤ ᠱᠦᠵᠢ ᠵᠢᠶᠤᠤ ᠶᠠᠩ ᠲᠠᠢ ᠬᠠᠮᠳᠤ ᠦᠪᠡᠷᠳᠡᠬᠡᠨ ᠵᠠᠰᠠᠬᠤ ᠤᠷᠤᠨ ᠪᠤᠯᠤᠨ ᠰᠤᠷᠭᠠᠭᠤᠯᠢ ᠶᠢᠨ ᠬᠠᠮᠳᠤᠷᠠᠯᠴᠠᠭᠠᠨ᠎ ᠤ ᠬᠡᠷᠡᠭ ᠶᠠᠪᠤᠳᠠᠯ ᠤᠨ ᠳᠠᠯ᠎ᠠ ᠪᠠᠷ ᠵᠥᠪᠳᠡᠯᠴᠡᠪᠡ᠃ ᠮᠠᠨ᠎ ᠤ ᠤᠷᠤᠨ᠎ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠢᠬᠡᠴᠡ ᠰᠦᠵᠸᠦ ᠶᠢᠨ ᠨᠠᠸᠧᠢ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ᠂ ᠬᠤᠸᠠᠨ ᠴᠢᠤ ᠴᠢᠳᠠᠪᠤᠷᠢᠳᠡᠨ᠎ ᠤ ᠰᠤᠯᠢᠯᠴᠠᠭᠠᠨ᠎ ᠤ ᠳᠦᠪ ᠵᠡᠷᠬᠡ ᠯᠦᠭᠡ 12 ᠳᠦᠷᠦᠯ ᠤᠨ ᠴᠢᠳᠠᠪᠤᠷᠢᠳᠡᠨ᠎ ᠤ ᠬᠠᠮᠳᠤᠷᠠᠯᠴᠠᠭᠠᠨ᠎ ᠤ ᠵᠦᠪᠯᠡᠯᠴᠡᠬᠡᠷ ᠳᠤᠬᠢᠷᠠᠯᠴᠠᠵᠠᠢ᠃

  ᠳᠤᠰ ᠤᠳᠠᠭ᠎ᠠ ᠶᠢᠨ ᠤᠷᠢᠵᠦ ᠡᠯᠰᠡᠬᠦ ᠠᠵᠢᠯᠯᠠᠭ᠎ᠠ ᠳᠤ ᠮᠠᠨ᠎ ᠤ ᠤᠷᠤᠨ ᠠᠴᠠ ᠨᠡᠶᠢᠳᠡ 2043 ᠠᠵᠢᠯ ᠤᠨ ᠪᠠᠶᠢᠷᠢ ᠬᠠᠩᠭᠠᠵᠠᠢ᠃

 
  

ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠬᠥᠨ ᠦ ᠰᠤᠷᠭᠠᠨ ᠬᠥᠮᠥᠵᠢᠬᠥᠯᠬᠥ ᠲᠥᠪ ᠳᠠᠭᠠᠭᠠᠨ ᠡᠷᠬᠢᠯᠡᠪᠡ
北疆先锋网蒙文版权所有 蒙ICP备07000509号
Tel:0471-4813643 Email:bjxfmgyw@163.com